ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠰᠤᠷᠭᠠᠭᠤᠯᠢ ᠶᠢᠨ ᠪᠠᠭᠰᠢ ᠠᠵᠢᠯᠲᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ | ᠪᠠᠶᠢᠳᠠᠯ ᠰᠤᠷᠭᠠᠭᠤᠯᠢ ᠶᠢᠨ ᠬᠦᠷᠢᠶᠡᠨ ᠳᠤ ᠳᠡᠯᠭᠡᠷᠡᠬᠦ ᠶᠢ ᠬᠤᠷᠢᠭᠯᠠᠵᠤ᠂ ᠰᠤᠷᠭᠠᠭᠤᠯᠢ ᠡᠬᠢᠯᠡᠬᠦ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠰᠤᠷᠭᠠᠭᠤᠯᠢ ᠡᠬᠢᠯᠡᠬᠦ ᠶᠢ ᠦᠨᠡᠨᠬᠦ | ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠬᠠᠭᠤᠴᠢᠨ ᠠᠶᠢᠯ ᠤᠨ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠶᠡᠷᠦᠩᠬᠡᠶ ᠰᠠᠯᠠᠭᠠᠨ ᠤ ᠡᠮᠴᠢᠯᠡᠭᠡᠨ ᠤ ᠰᠠᠯᠠᠭ᠎ᠠ᠂ ᠬᠠᠯᠳᠠᠪᠤᠷᠢᠯᠠᠯ ᠢ ᠬᠢᠵᠠᠭᠠᠷᠯᠠᠬᠤ | ᠰᠠᠯᠠᠭ᠎ᠠ᠂ ᠰᠤᠪᠢᠯᠠᠯᠲᠠ ᠶᠢᠨ ᠬᠡᠯᠲᠡᠰ ᠤᠨ ᠡᠮᠴᠢ ᠰᠤᠪᠢᠯᠠᠭᠴᠢᠳ ᠰᠢᠨ᠎ᠡ ᠬᠤᠲᠠ ᠲᠣᠭᠤᠷᠢᠭ ᠤᠨ ᠰᠢᠨ ᠮᠢᠨ | ᠰᠤᠷᠭᠠᠭᠤᠯᠢ᠂ ᠬᠥᠬᠡᠬᠤᠲᠠ ᠶᠢᠨ ᠶᠢᠩ ᠪᠥᠸᠧ ᠰᠣᠷᠠᠭᠤᠯᠢ ᠳᠤ ᠬᠦᠷᠴᠦ ᠰᠤᠷᠭᠠᠭᠤᠯᠢ ᠶᠢᠨ ᠳᠤᠮᠳᠠ | ᠳᠠᠪᠬᠤᠷᠭ᠎ᠠ ᠠᠴᠠ ᠳᠡᠭᠡᠭᠰᠢᠬᠢ ᠺᠠᠳ᠋ᠷ ᠵᠢᠴᠢ ᠬᠡᠰᠡᠭ ᠪᠠᠭᠰᠢ ᠠᠵᠢᠯᠲᠠᠨ ᠳᠤ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ︾ ᠲᠤᠰᠬᠠᠶ ᠰᠡᠳᠦᠪᠲᠦ ᠲᠠᠶᠢᠯᠤᠮᠵᠢ ᠬᠢᠪᠠ᠃ | | | | | | ᠡᠮᠴᠢ ᠰᠤᠪᠢᠯᠠᠭᠴᠢᠳ PPT ᠶᠢᠨ ᠬᠡᠯᠪᠡᠷᠢ ᠪᠠᠷ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠰᠠᠭᠤᠷᠢ ᠮᠡᠳᠡᠯᠭᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠠᠷᠢᠭᠤᠳᠬᠠᠬᠤ | ᠱᠠᠭᠠᠷᠳᠠᠯᠭ᠎ᠠ᠂ ᠰᠣᠷᠭᠠᠭᠤᠯᠢ ᠶᠢᠨ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠵᠡᠷᠭᠡ ᠳᠤ ᠲᠠᠶᠢᠯᠪᠤᠷᠢᠯᠠᠨ | ᠥᠭᠴᠦ᠂ ᠬᠤᠷᠠᠯ ᠳᠤ ᠣᠷᠣᠯᠴᠠᠭᠰᠠᠨ ᠪᠥᠬᠦ ᠬᠦᠮᠦᠰ ᠲᠤ ᠲᠤᠯᠤᠭᠠᠨ ᠠᠯᠬᠤᠮ ᠢᠶᠠᠷ ᠭᠠᠷ ᠤᠬᠢᠶᠠᠬᠤ ᠠᠷᠭ᠎ᠠ | ᠪᠠᠷᠢᠯ ᠢ ᠲᠤᠬᠠᠶ ᠶᠢᠨ ᠲᠠᠯᠠᠪᠠᠶ ᠳᠤ ᠵᠢᠭᠠᠵᠤ ᠦᠭᠭᠦᠭᠰᠡᠨ ᠪᠥᠭᠡᠳ ᠡᠯ᠎ᠡ ᠵᠣᠶᠢᠯ ᠤᠨ ᠠᠷᠢᠭᠤᠳᠬᠠᠬᠤ ᠡᠮ ᠤᠨ | ᠬᠠᠷᠢᠴᠠᠯ ᠵᠢᠴᠢ ᠠᠩᠬᠠᠷᠬᠤ ᠵᠦᠢᠯᠡᠰ ᠢ ᠴᠢᠬᠤᠯᠠᠴᠢᠯᠠᠵᠠᠶ᠃ ᠬᠤᠷᠠᠯ ᠳᠤ ᠣᠷᠣᠯᠴᠠᠭᠰᠠᠳ ᠬᠢᠵᠢᠭ ᠰᠡᠷᠭᠡᠶᠢᠯᠡᠨ | ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠲᠥᠭᠡᠷᠢᠭᠳᠡᠯ ᠵᠢᠴᠢ ᠪᠠᠯᠠᠷᠬᠠᠢ ᠴᠡᠭ ᠳᠤ ᠪᠤᠯᠪᠠᠰᠤᠷᠠᠭᠤᠯᠣᠯ ᠤᠨ ᠡᠮᠴᠢ | ᠰᠤᠪᠢᠯᠠᠭᠴᠢᠳ ᠲᠠᠢ ᠰᠣᠯᠢᠯᠴᠠᠨ ᠶᠠᠷᠢᠯᠴᠠᠪᠠ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠡᠮᠴᠢ | ᠰᠤᠪᠢᠯᠠᠭᠴᠢᠳ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠵᠢᠴᠢ ᠰᠤᠷᠭᠠᠭᠤᠯᠢ ᠶᠢᠨ ᠲᠤᠰᠠᠭᠠᠷᠯᠠᠬᠤ ᠲᠠᠰᠤᠭ ᠪᠠᠶᠢᠭᠤᠯᠤᠭᠰᠠᠨ ᠪᠠᠶᠢᠳᠠᠯ ᠵᠡᠷᠭᠡ ᠳᠤ | ᠵᠢᠯᠣᠭᠤᠳᠣᠯᠭ᠎ᠠ ᠬᠢᠪᠠ᠃ | | | | | | ᠪᠣᠯᠪᠠᠰᠤᠷᠠᠯ ᠢᠶᠠᠷ ᠳᠡᠮᠵᠢᠨ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠭᠰᠢ ᠨᠠᠷ ᠲᠣᠰ ᠤᠳᠠᠭᠠᠨ ᠤ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ︾ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠨᠢ ᠴᠠᠭ ᠲᠤᠬᠠᠶ ᠳᠤᠨᠢ | ᠲᠣᠬᠢᠷᠠᠭᠰᠠᠨ ᠮᠦᠷᠲᠡᠭᠡᠨ ᠴᠢᠬᠤᠯᠠᠲᠠᠶ ᠪᠠᠶᠢᠵᠤ᠂ ᠮᠠᠰᠢ ᠶᠡᠭᠡ ᠣᠯᠤᠯᠲᠠ ᠣᠯᠵᠤ᠂ ᠬᠢᠵᠢᠭ ᠤᠨ ᠪᠠᠶᠢᠳᠠᠯ ᠤᠨ | ᠲᠤᠬᠠᠶ ᠦᠨᠳᠦᠰᠦᠨ ᠮᠡᠳᠡᠯᠭᠡ ᠶᠢ ᠰᠤᠷᠤᠯᠴᠠᠭᠰᠠᠨ ᠮᠥᠷᠲᠡᠭᠡᠨ ᠨᠠᠩ ᠴᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠦᠨᠳᠦᠰᠦᠨ ᠤᠷ᠎ᠠ ᠴᠢᠳᠠᠪᠤᠷᠢ ᠶᠢ ᠡᠵᠡᠮᠰᠢᠵᠦ᠂ ᠪᠥᠬᠦ ᠲᠠᠯ᠎ᠠ ᠪᠠᠷ ᠬᠡᠪ ᠶᠣᠰᠣᠭᠠᠷ ᠠᠵᠢᠯ ᠢᠶᠠᠨ | ᠦᠷᠨᠢᠭᠦᠯᠬᠦ ᠪᠠ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠭᠡᠵᠦ ᠨᠡᠶᠢᠳᠡᠮ ᠳᠤᠠᠬᠠᠬᠰᠠᠨ ᠪᠠᠶᠢᠨ᠎ᠠ᠃ ᠣᠶᠢᠯᠠᠭᠠᠭᠰᠠᠨ ᠢᠶᠠᠷ᠂ ᠬᠠᠷᠢᠶ᠎ᠠ ᠣᠷᠣᠨ ᠤ ᠰᠤᠷᠭᠠᠭᠤᠯᠢ ᠶᠢᠨ | ᠠᠮᠤᠷ ᠲᠦᠪᠰᠢᠨ ᠡᠮᠬᠢ ᠵᠢᠷᠤᠮ ᠲᠠᠢ ᠰᠤᠷᠤᠯᠭ᠎ᠠ ᠪᠠᠨ ᠰᠡᠷᠭᠦᠭᠡᠬᠦ ᠶᠢ ᠪᠠᠲᠤᠯᠠᠵᠤ᠂ ᠰᠤᠷᠭᠠᠭᠤᠯᠢ ᠶᠢᠨ ᠬᠢᠵᠢᠭ ᠤᠨ | ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠶᠢᠨ ᠲᠥᠯᠥᠭᠡ᠂ ᠰᠢᠨ᠎ᠡ ᠬᠤᠲᠠ ᠲᠣᠭᠤᠷᠢᠭ ᠤᠨ | ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶ᠎ᠠ ᠣᠷᠣᠨ ᠤ ᠰᠤᠷᠭᠠᠭᠤᠯᠢ ᠵᠢᠴᠢ ᠬᠡᠤᠬᠡᠳ ᠤᠨ | ᠴᠡᠴᠡᠷᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠣᠯᠪᠠᠰᠤᠷᠠᠭᠤᠯᠤᠯ ᠤᠨ ᠵᠢᠯᠤᠭᠤᠳᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠬᠤ ᠪᠤᠯᠤᠨ᠎ᠠ᠃ |