4 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠬᠢᠭᠡᠳ | ᠪᠠᠩᠬᠢ ᠶᠢᠨ ᠬᠠᠷᠢᠯᠴᠠᠨ ᠨᠡᠪᠲᠡᠷᠡᠯᠴᠡᠬᠦ᠂ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠵᠦ ᠦᠭᠭᠦᠨ᠎ᠡ᠃ ᠳᠤᠮᠳᠠᠳᠤ ᠤᠯᠤᠰ ᠤᠨ | ᠪᠠᠩᠬᠢ᠂ ᠳᠤᠮᠳᠠᠳᠤ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠥᠪᠥᠷ ᠮᠣᠩᠭᠤᠯ ᠤᠨ ᠪᠠᠩᠬᠢ | ᠵᠡᠷᠭᠡ ᠭᠤᠷᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠬᠥᠬᠡᠬᠤᠲᠠ ᠶᠢᠨ ᠵᠥᠩ ᠯᠢᠶᠠᠩ ᠭᠤᠯᠢᠷ | ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠶᠤᠸᠠᠢ ᠬᠤᠳᠠᠯᠳᠤᠭᠠᠨ ᠤ ᠬᠠᠮᠢᠶᠠᠷᠤᠯᠲᠠ ᠶᠢᠨ | ᠬᠢᠵᠠᠭᠠᠷᠲᠣ ᠺᠣᠮᠫᠠᠨᠢ ᠵᠡᠷᠭᠡ 15 ᠬᠠᠷᠢᠶᠠᠲᠤ ᠣᠷᠣᠨ ᠤ ᠠᠵᠤ ᠠᠬᠤᠶᠢᠯᠠᠯ ᠲᠣᠰ ᠤᠳᠠᠭᠠᠨ ᠤ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠬᠤᠷᠠᠯ ᠳᠤ ᠤᠷᠤᠯᠴᠠᠪᠠ᠃ | | | | | | ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠡᠩ ᠲᠡᠷᠢᠭᠦᠨ ᠳᠤ ᠠᠵᠤ ᠠᠬᠤᠶᠢᠯᠠᠯ ᠤᠨ | ᠣᠳᠣᠬᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ᠂ ᠪᠠᠯᠠ | ᠲᠣᠬᠢᠷᠠᠭᠤᠯᠭ᠎ᠠ ᠶᠢᠨ ᠬᠡᠷᠡᠭᠴᠡᠭᠡ ᠲᠤᠭ᠎ᠠ ᠵᠡᠷᠭᠡ ᠲᠦᠷᠭᠡᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ | ᠲᠠᠨᠢᠯᠴᠠᠭᠤᠯᠪᠠ᠃ ᠳᠠᠷᠠᠭ᠎ᠠ ᠨᠢ ᠡᠯ᠎ᠡ ᠪᠠᠩᠬᠢ ᠶᠢᠨ ᠲᠥᠯᠥᠭᠡᠯᠡᠭᠴᠢ ᠲᠣᠰ ᠲᠣᠰ ᠣᠳᠣᠬᠠᠨ ᠤ ᠬᠢᠵᠢᠭ ᠤᠨ | ᠪᠠᠶᠢᠳᠠᠯ ᠳᠤ ᠴᠢᠭᠯᠡᠭᠦᠯᠦᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠡᠶᠢᠲᠡᠯᠡᠭᠰᠡᠨ ᠬᠠᠮᠢᠶ᠎ᠠ ᠪᠥᠬᠦᠶ | ᠬᠠᠷᠠᠭᠠᠯᠵᠠᠯ ᠤᠨ ᠲᠥᠷᠥ ᠶᠢᠨ ᠪᠤᠳᠣᠯᠭ᠎ᠠ ᠶᠢ ᠲᠠᠨᠢᠯᠴᠠᠭᠤᠯᠬᠤ ᠶᠢᠨ ᠬᠠᠮᠲᠤ ᠠᠳᠠᠯᠢ ᠪᠤᠰᠤ ᠠᠵᠤ ᠠᠬᠤᠶᠢᠯᠠᠯ ᠤᠨ | ᠪᠠᠯᠠ ᠳᠣᠭᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠨᠡᠯᠢᠶᠡᠳ ᠬᠠᠨᠳᠤᠯᠭᠠᠲᠤ ᠴᠢᠨᠠᠷᠲᠠᠶ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ ᠢ ᠲᠠᠨᠢᠯᠴᠠᠭᠤᠯᠪᠠ᠃ | ᠲᠤᠰ ᠤᠳᠠᠭ᠎ᠠ ᠶᠢᠨ ᠵᠣᠯᠭᠠᠭᠤᠯᠤᠯᠲᠠ ᠶᠢᠨ ᠬᠤᠷᠠᠯ ᠢ ᠡᠷᠬᠢᠯᠡᠭᠰᠡᠨ ᠨᠢ ᠵᠠᠰᠠᠭ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠪᠠᠷ ᠳᠠᠮᠵᠢᠭᠤᠯᠵᠤ᠂ ᠰᠢᠨ᠎ᠡ ᠬᠤᠳᠠ ᠲᠣᠭᠤᠷᠢᠭ ᠤᠨ ᠳᠤᠮᠳᠠ ᠵᠢᠵᠢᠭ | ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠪᠡᠯᠡ ᠲᠤᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠪᠠᠩᠭᠢ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠤᠯᠪᠣᠯᠲᠠ ᠶᠢᠨ ᠬᠥᠭᠦᠷᠭᠡ ᠶᠢ ᠪᠠᠶᠢᠭᠤᠯᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠦᠢᠯᠡᠳᠦᠯ ᠢ ᠴᠢᠩᠭᠠᠳᠬᠠᠬᠤ ᠶᠢᠨ | ᠲᠥᠯᠥᠭᠡ ᠶᠤᠮ᠃ | ᠬᠤᠷᠠᠯ ᠢ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠠᠨ ᠷᠦ᠋ ᠡᠷᠬᠢᠯᠡᠵᠦ᠂ ᠵᠠᠰᠠᠭ ᠤᠨ | ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | |