ᠳᠡᠯᠡᠬᠡᠶ ᠶᠢᠨ ᠡᠷᠡᠭᠦᠯ ᠬᠠᠮᠠᠭᠠᠯᠠᠯ ᠤᠨ ᠡᠳᠦᠷ ᠢᠶᠠᠷ ᠬᠠᠮᠤᠭ ᠤᠨ ᠭᠤᠶᠤ ︽ᠰᠥᠷᠥᠨ ᠤᠷᠤᠭᠰᠢᠯᠠᠭᠴᠢᠳ︾ ᠲᠠᠭᠠᠨ ᠬᠦᠨᠳᠦᠳᠬᠡᠯ ᠳᠡᠪᠰᠢᠭᠦᠯᠦᠯ᠎ᠡ
ᠨᠡᠶᠢᠲᠡᠯᠡᠭᠰᠡᠨ ᠴᠠᠭ᠄
2020-04-08
     4 ᠳ᠋ᠤᠭᠡᠷ ᠰᠠᠷ᠎ᠠ ᠶᠢᠨ 7 ᠤ ᠡᠳᠦᠷ ᠪᠣᠯ ᠳᠡᠯᠡᠬᠡᠶ ᠶᠢᠨ ᠡᠷᠡᠭᠦᠯ ᠬᠠᠮᠠᠭᠠᠯᠠᠯ ᠤᠨ ᠡᠳᠦᠷ ᠪᠤᠯᠤᠨ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠤᠮᠳᠠᠳᠤ ᠤᠯᠤᠰ ᠤᠨ ᠤᠬᠠᠭᠤᠯᠭ᠎ᠠ ᠶᠢᠨ ᠭᠤᠤᠯ ᠰᠡᠳᠦᠪ ᠢ ︽ᠡᠮᠴᠢ ᠰᠤᠪᠢᠯᠠᠭᠴᠢᠳ ᠲᠤ ᠬᠦᠨᠳᠦᠳᠭᠡᠯ ᠲᠡᠪᠰᠢᠭᠦᠯᠵᠦ᠂ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠶ᠎ᠡ︾ ᠭᠡᠵᠦ ᠲᠣᠭᠲᠠᠭᠠᠪᠠ᠃ ᠲᠤᠰ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠨᠢ ᠬᠤᠪᠸᠢ ᠶᠢ ᠲᠤᠰᠠᠯᠠᠭᠠᠳ ᠪᠤᠴᠠᠵᠤ ᠢᠷᠡᠭᠰᠡᠨ ᠡᠮᠴᠢᠯᠡᠭᠡᠨ ᠤ ᠠᠩᠭᠢ ᠶᠢᠨ ᠭᠡᠰᠢᠭᠦᠳ ᠲᠤ ︽ᠴᠠᠰᠤᠨ ᠢᠶᠠᠷ ᠮᠣᠷᠳᠠᠵᠤ ᠬᠠᠪᠤᠷ ᠢ ᠤᠭᠲᠤᠨ ᠪᠤᠴᠠᠯ᠎ᠠ — ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠢᠯᠠᠯᠲᠠ ᠲᠠᠢ ᠪᠠᠷ ᠪᠤᠴᠠᠵᠤ ᠢᠷᠡᠭᠰᠡᠨ ᠢ  ᠬᠠᠯᠠᠭᠤᠨ ᠢᠶᠠᠷ ᠤᠭᠲᠤᠬᠤ︾ ᠭᠤᠤᠯ ᠰᠡᠳᠦᠪᠲᠦ ᠤᠭᠲᠤᠬᠤ ᠶᠣᠰᠣᠯᠠᠯ ᠶᠠᠪᠤᠭᠤᠯᠪᠠ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠷᠭᠡᠨ ᠣᠯᠠᠨ ᠡᠮᠴᠢᠯᠡᠭᠡᠨ ᠤ ᠠᠵᠢᠯᠲᠠᠳ ᠬᠠᠷᠠᠮ ᠥᠬᠡᠶ ᠵᠣᠷᠢᠭᠤᠯᠵᠤ᠂ ᠠᠶᠤᠯ ᠲᠦᠭᠰᠢᠭᠦᠷᠢ ᠶᠢᠨ ᠳᠤᠮᠳᠠ ᠴᠡᠭᠡᠵᠢ ᠳᠦᠷᠢᠨ ᠭᠠᠷᠴᠤ᠂ ᠶᠡᠭᠡ ᠰᠢᠯᠭᠠᠯᠲᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠤᠳᠤᠭᠠᠬᠤ ᠥᠬᠡᠶ᠂ ᠰᠢᠨ᠎ᠡ ᠴᠠᠭ ᠦᠶ᠎ᠡ ᠶᠢᠨ ᠡᠮᠴᠢᠯᠡᠭᠡᠨ ᠤ ᠠᠵᠢᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ  ᠢᠯᠡᠷᠡᠭᠦᠯᠦᠨ᠂ ᠬᠠᠮᠤᠭ ᠤᠨ ᠭᠤᠶᠣ  ︽ᠰᠥᠷᠥᠨ ᠤᠷᠤᠭᠰᠢᠯᠠᠭᠴᠢᠳ︾  ᠬᠡᠮᠡᠭᠳᠡᠭᠰᠡᠨ ᠪᠢᠯᠡ᠃     ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠶᠠᠩ ᠵᠢᠩ ᠱᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号