ᠪᠠᠶᠠᠰᠤᠯᠳᠤᠨ ᠲᠣᠭᠯᠠᠬᠤ ᠪᠠᠷ ᠪᠡᠶ᠎ᠡ ᠴᠢᠩᠭᠠᠷᠠᠵᠤ ᠤᠷᠮ᠎ᠠ ᠰᠡᠷᠭᠦᠨ᠎ᠡ
ᠨᠡᠶᠢᠲᠡᠯᠡᠭᠰᠡᠨ ᠴᠠᠭ᠄
2020-04-08
     4 ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠭᠤᠷᠪᠠᠳᠤᠭᠠᠷ ᠣᠨ ᠤ ᠰᠤᠷᠤᠭᠴᠢᠳ ᠲᠠᠮᠢᠷ ᠤᠨ ᠬᠢᠴᠢᠶᠡᠯ ᠳᠡᠭᠡᠷ᠎ᠡ ᠳᠡᠭᠡᠰᠦ ᠦᠰᠦᠷᠬᠦ  ᠤᠷᠤᠯᠳᠤᠭᠠᠨ  ᠶᠠᠪᠤᠭᠳᠠᠭᠤᠯᠤᠨ᠎ᠠ᠃       ᠮᠠᠨ ᠤ ᠬᠤᠲᠠ ᠶᠢᠨ ᠠᠩᠬ᠎ᠠ ᠵᠡᠷᠭᠡ ᠶᠢᠨ ᠭᠤᠷᠪᠠᠳᠤᠭᠠᠷ ᠣᠨ᠂ ᠥᠨᠳᠥᠷ ᠵᠡᠷᠭᠡ ᠶᠢᠨ ᠭᠤᠷᠪᠠᠳᠤᠭᠠᠷ ᠣᠨ  ᠤ ᠬᠢᠨ ᠰᠤᠷᠭᠠᠭᠤᠯᠢ ᠴᠤᠭᠯᠠᠵᠤ ᠬᠢᠴᠢᠶᠡᠯ ᠡᠬᠢᠯᠡᠭᠰᠡᠨ ᠤ ᠳᠠᠷᠠᠭ᠎ᠠ᠂ ᠡᠯ᠎ᠡ ᠰᠤᠷᠭᠠᠭᠤᠯᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠳᠡᠪᠬᠢᠲᠡᠶ ᠠᠩᠬᠠᠷᠴᠤ ᠪᠠᠶᠢᠨ᠎ᠠ᠃ ᠲᠠᠮᠢᠷ ᠤᠨ ᠬᠢᠴᠢᠶᠡᠯ ᠣᠷᠣᠬᠤ᠂ ᠳᠤᠷ᠎ᠠ ᠰᠣᠨᠢᠷᠬᠠᠯ ᠤᠨ ᠲᠣᠭᠯᠠᠭᠠᠮ ᠲᠣᠭᠯᠠᠬᠤ᠂ ᠰᠡᠳᠬᠢᠴᠡ ᠪᠠᠨ ᠥᠷᠭᠡᠳᠭᠡᠬᠦ ᠬᠦᠳᠡᠯᠭᠡᠭᠡᠨ ᠵᠡᠷᠭᠡ ᠶᠢ  ᠦᠷᠨᠢᠭᠦᠯᠬᠦ ᠪᠠᠷ ᠲᠠᠮᠵᠢᠭᠤᠯᠤᠨ᠂ ᠰᠤᠷᠤᠭᠴᠢᠳ ᠤᠨ ᠪᠡᠶ᠎ᠡ ᠰᠡᠳᠬᠢᠯ ᠢ ᠨᠢ ᠲᠠᠶᠢᠪᠤᠰᠢᠷᠠᠭᠤᠯᠤᠨ᠂ ᠰᠡᠳᠬᠢᠴᠡ ᠶᠢᠨ ᠪᠠᠶᠢᠳᠠᠯ ᠢ ᠨᠢ ᠵᠣᠬᠢᠴᠠᠭᠤᠯᠵᠤ᠂ ᠢᠳᠡᠪᠬᠢᠲᠡᠶ ᠪᠠᠶᠠᠰᠤᠩᠭᠤᠶ ᠰᠡᠳᠬᠢᠯᠭᠡ ᠪᠠᠷ ᠰᠤᠷᠤᠯᠭ᠎ᠠ ᠪᠠ ᠠᠮᠢᠳᠤᠷᠠᠯ ᠳᠤ ᠪᠠᠨ ᠬᠠᠨᠳᠤᠬᠤ ᠳᠤ  ᠨᠢ ᠬᠠᠪᠰᠤᠷᠴᠤ ᠪᠤᠢ  ᠃                        ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠴᠢᠩ ᠢᠦᠶ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号