ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦᠶ ᠾᠦᠢ ᠱᠧᠩ︶ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ | ᠬᠤᠷᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠲᠢᠶᠠᠨ ᠢᠦᠶ ᠬᠥᠮᠦᠨ ᠤ ᠬᠦᠴᠦᠨ ᠤ ᠡᠬᠢ | ᠪᠠᠶᠠᠯᠢᠭ ᠢ ᠨᠡᠭᠡᠭᠡᠨ ᠠᠰᠢᠭᠯᠠᠬᠤ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ︽ | ᠬᠢᠵᠢᠭ ᠤᠨ ᠲᠡᠮᠡᠴᠡᠯ ᠳᠤ ᠤᠷᠢ ᠵᠠᠯᠠᠭᠤ ᠶᠢᠨ ᠬᠦᠴᠦᠨ ᠨᠡᠮᠡᠷᠢᠯᠡᠵᠦ · ᠬᠠᠮᠳᠤ ᠶᠢᠨ ᠠᠶᠠᠨ ᠳᠤ ᠬᠦᠰᠡᠯ | ᠵᠡᠭᠦᠳᠦ ᠪᠠᠨ ᠲᠡᠷᠭᠡᠯᠰᠢᠭᠦᠯᠦᠶ᠎ᠡ︾ ᠲᠥᠪ ᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ 2020 ᠣᠨ ᠤ | ᠬᠠᠪᠤᠷ ᠤᠨ ᠤᠯᠠᠷᠢᠯ ᠤᠨ ᠰᠦᠯᠵᠢᠶᠡᠨ ᠲᠡᠭᠡᠷ᠎ᠡ ᠠᠵᠢᠯᠲᠠᠨ ᠡᠯᠰᠡᠬᠦ ᠴᠤᠭᠯᠠᠭᠠᠨ 4 ᠳ᠋ᠤᠭᠡᠷ ᠰᠠᠷ᠎ᠠ ᠶᠢᠨ 10 ᠤ | ᠡᠳᠦᠷ ᠠᠴᠠ 11 ᠤ ᠡᠳᠦᠷ ᠪᠣᠯᠲᠠᠯ᠎ᠠ ᠶᠠᠪᠤᠭᠳᠠᠨ᠎ᠠ᠃ ᠡᠨᠡ ᠬᠤᠭᠤᠴᠠᠭᠠᠨ ᠳᠤ ᠥᠷᠭᠡᠨ ᠣᠯᠠᠨ ᠠᠵᠢᠯ ᠤᠯᠬᠤ | ᠰᠠᠨᠠᠭ᠎ᠠ ᠲᠠᠢ ᠵᠠᠯᠠᠭᠤᠴᠤᠳ ᠪᠣᠯᠤᠨ ᠠᠵᠢᠯᠲᠠᠨ ᠡᠯᠰᠡᠬᠦ ᠠᠵᠤ ᠠᠬᠤᠶᠢᠯᠠᠯ ᠨᠢ ︽ᠮᠠᠦ ᠲᠸᠦ ᠶᠢᠩ ᠥᠪᠥᠷ | ᠮᠣᠩᠭᠤᠯ ᠤᠨ ᠡᠭᠦᠯᠡᠨᠴᠢᠷ ᠴᠢᠳᠠᠪᠤᠷᠢᠲᠠᠨ ᠤ ᠵᠠᠬ᠎ᠠ ᠳᠡᠯᠭᠡᠭᠦᠷ︾ ᠰᠦᠯᠵᠢᠶᠡᠨ ᠳᠡᠭᠡᠷ᠎ᠡ ᠠᠵᠢᠯᠲᠠᠨ ᠡᠯᠰᠡᠬᠦ | ᠲᠠᠪᠴᠠᠩ ᠢᠶᠠᠷ ᠳᠠᠮᠵᠢᠭᠤᠯᠤᠨ ᠠᠵᠢᠯ ᠣᠯᠭᠤᠯᠲᠠ ᠶᠢᠨ ᠬᠤᠤᠰ ᠰᠣᠩᠭᠤᠯᠲᠠ ᠵᠢᠴᠢ ᠸᠢᠳᠢᠤ᠋ ᠪᠠᠷ ᠨᠢᠭᠤᠷᠲᠠᠨ | ᠰᠢᠯᠭᠠᠬᠤ ᠶᠢ ᠪᠡᠶᠡᠯᠡᠭᠦᠯᠵᠦ ᠪᠣᠯᠤᠨ᠎ᠠ᠃ | ᠠᠵᠢᠯᠲᠠᠨ ᠡᠯᠰᠡᠬᠦ ᠴᠤᠭᠯᠠᠭᠠᠨ ᠤ ᠬᠤᠭᠤᠴᠠᠭᠠᠨ ᠳᠤ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠮᠠᠦ ᠲᠸᠦ | ᠶᠢᠩ ᠥᠪᠥᠷ ᠮᠣᠩᠭᠤᠯ ᠤᠨ ᠡᠭᠦᠯᠡᠨᠴᠢᠷ ᠴᠢᠳᠠᠪᠤᠷᠢᠲᠠᠨ ᠤ ᠵᠠᠬ᠎ᠠ ᠳᠡᠯᠭᠡᠭᠦᠷ ᠲᠤ ᠳᠠᠩᠰᠠᠯᠠᠭᠤᠯᠤᠭᠰᠠᠨ ︽100 + | ︾ ᠠᠵᠤ ᠠᠬᠤᠶᠢᠯᠠᠯ ᠵᠢᠴᠢ ᠮᠢᠩᠭ᠎ᠠ ᠭᠠᠷᠤᠶ ᠠᠵᠢᠯ ᠡᠷᠢᠭᠰᠡᠳ ᠢ ᠤᠷᠢᠵᠤ ᠲᠣᠰ ᠡᠳᠦᠷ ᠪᠦᠬᠦᠨ ᠢ ᠰᠦᠯᠵᠢᠶᠡᠨ | ᠳᠡᠭᠡᠷ᠎ᠡ ᠠᠵᠢᠯᠳᠠᠨ ᠡᠯᠰᠡᠬᠦ ᠲᠠᠪᠴᠠᠩ ᠳᠤ ᠭᠠᠷᠭᠠᠬᠤ ᠪᠤᠯᠤᠨ᠎ᠠ᠂ ᠲᠤᠬᠠᠶ ᠶᠢᠨ ᠦᠶ᠎ᠡ ᠳᠤ ᠳᠠᠩᠰᠠᠯᠠᠭᠤᠯᠤᠭᠰᠠᠨ ᠪᠣᠶ | ᠪᠥᠬᠦᠶ ᠠᠵᠤ ᠠᠬᠤᠶᠢᠯᠠᠯ ᠤᠨ ᠨᠡᠶᠢᠲᠡᠯᠡᠭᠰᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ︽ᠪᠦᠬᠦᠨ ᠢ ᠨᠡᠶᠢᠲᠡᠯᠡᠵᠦ | ︾᠂ ᠬᠥᠮᠦᠨ ᠬᠡᠷᠡᠭᠯᠡᠬᠦ ᠨᠢᠭᠡᠴᠡ ᠪᠣᠯᠤᠨ ᠠᠵᠢᠯ ᠡᠷᠢᠭᠰᠡᠳ ᠤᠨ ︽ᠣᠯᠠᠨ ᠨᠢ ᠤᠯᠠᠨ ᠳᠤ ᠬᠠᠨᠳᠤᠬᠤ︾ | ᠰᠤᠩᠭᠤᠯᠳᠠ ᠶᠢᠨ ᠵᠠᠭᠪᠤᠷ ᠢ ᠡᠬᠢᠯᠡᠭᠦᠯᠦᠨ᠎ᠡ᠃ ᠰᠦᠯᠵᠢᠶᠡᠨ ᠲᠡᠭᠡᠷ᠎ᠡ ᠠᠵᠢᠯᠲᠠᠨ ᠡᠯᠰᠡᠬᠦ ᠴᠤᠭᠯᠠᠭᠠᠨ ᠤ ᠸᠢᠳᠢᠤ᠋ ᠪᠠᠷ | ᠨᠢᠭᠤᠷᠲᠠᠨ ᠰᠢᠯᠭᠠᠬᠤ ᠴᠢᠳᠠᠮᠵᠢ ᠶᠢ ᠨᠡᠭᠡᠭᠡᠵᠦ᠂ ᠨᠢᠭᠤᠷᠲᠠᠨ ᠰᠢᠯᠭᠠᠬᠤ ᠪᠠᠷ ᠪᠣᠯᠵᠤᠭᠰᠠᠨ ᠨᠢᠭᠡᠴᠡ ᠪᠣᠯᠤᠨ ᠠᠵᠢᠯ | ᠡᠷᠢᠭᠴᠢ ᠸᠢᠴᠠᠲ ᠤᠨ ᠪᠠᠭ᠎ᠠ ᠫᠷᠤᠭ᠍ᠷᠠᠮ ᠢᠶᠠᠷ ᠲᠠᠮᠵᠢᠨ ᠰᠦᠯᠵᠢᠶᠡᠨ ᠲᠡᠭᠡᠷ᠎ᠡ ᠨᠢᠭᠤᠷᠳᠠᠨ ᠰᠢᠯᠭᠠᠨ᠎ᠠ᠂ ᠨᠢᠭᠤᠷᠲᠠᠨ | ᠰᠢᠯᠭᠠᠯᠲᠠ ᠳᠤ ᠠᠮᠵᠢᠯᠲᠠ ᠤᠯᠤᠭᠰᠠᠨ ᠪᠣᠯ᠂ ᠠᠵᠤ ᠠᠬᠤᠶᠢᠯᠠᠯ ᠠᠴᠠ ᠠᠵᠢᠯ ᠡᠷᠢᠭᠰᠡᠳ ᠲᠤ ᠡᠯᠰᠡᠨ ᠬᠡᠷᠡᠭᠯᠡᠬᠦ | ᠡᠯᠧᠺᠲᠷᠣᠨ ᠮᠡᠳᠡᠭᠳᠡᠯ ᠤᠨ ᠪᠢᠴᠢᠭ ᠶᠠᠪᠤᠭᠤᠯᠤᠨ᠎ᠠ᠃ |