2020 ᠣᠨ ᠤ ᠪᠥᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠪᠦᠲᠦᠭᠡᠯ ᠤᠨ ᠰᠡᠳᠦᠪ ᠲᠣᠭᠲᠠᠭᠠᠬᠤ ᠮᠡᠳᠡᠭᠦᠯᠦᠯᠲᠡ ᠡᠬᠢᠯᠡᠪᠡ
ᠨᠡᠶᠢᠲᠡᠯᠡᠭᠰᠡᠨ ᠴᠠᠭ᠄
2020/4/9
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠸᠠᠩ ᠵᠥᠩ ᠵᠧᠤ︶ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽2020 ᠣᠨ ᠤ ᠪᠥᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︿ᠲᠠᠪᠤᠨ ᠨᠢᠭᠡ ᠶᠢᠨ ᠢᠨᠵᠧᠨᠧᠷᠢᠩ﹀ ᠤᠨ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠪᠦᠲᠦᠭᠡᠯ ᠤᠨ ᠰᠡᠳᠦᠪ ᠲᠣᠭᠲᠠᠭᠠᠬᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠠᠶᠢᠲᠤᠷ ᠬᠢᠬᠦ ᠲᠤᠬᠠᠢ ᠮᠡᠳᠡᠭᠳᠡᠯ︾ ᠪᠠᠭᠤᠯᠭᠠᠵᠤ᠂ 2020 ᠣᠨ ᠤ ᠪᠥᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︿ᠲᠠᠪᠤᠨ ᠨᠢᠭᠡ ᠶᠢᠨ ᠢᠨᠵᠧᠨᠧᠷᠢᠩ﹀ ᠤᠨ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠪᠦᠲᠦᠭᠡᠯ ᠢ ᠬᠢᠨᠠᠨ ᠲᠤᠭᠲᠠᠭᠠᠬᠤ ᠠᠵᠢᠯ ᠢ ᠵᠣᠬᠢᠶᠠᠨ  ᠪᠠᠶᠢᠭᠤᠯᠬᠤ ᠪᠠᠷ  ᠪᠤᠯᠤᠯ᠎ᠠ᠂ ᠣᠲᠣ ᠰᠡᠳᠦᠪ ᠲᠣᠭᠲᠠᠭᠠᠬᠤ ᠳᠤ ᠪᠦᠳᠦᠭᠡᠯ ᠮᠡᠳᠡᠬᠦᠯᠵᠦ ᠡᠬᠢᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠮᠡᠳᠡᠬᠦᠯᠬᠦ ᠪᠦᠲᠦᠭᠡᠯ ᠤᠨ ᠲᠥᠷᠥᠯ ᠨᠢ ᠨᠡᠶᠢᠲᠡ ᠲᠤᠯᠤᠭᠠᠨ ᠵᠦᠢᠯ ᠪᠤᠢ᠄ ᠲᠠᠶᠢᠰᠠᠨ ᠤ ᠵᠦᠴᠦᠭᠡ ︵ᠪᠠᠭ᠎ᠠ ᠵᠦᠴᠦᠭᠡ᠂ ᠱᠤᠭ ᠵᠦᠴᠦᠭᠡ ᠪᠠᠭᠲᠠᠬᠤ ᠥᠬᠡᠶ︶᠂ ᠺᠢᠨᠣ᠋ ︵ᠺᠠᠷᠲ᠋ᠣᠨ ᠺᠢᠨᠣ᠋ ᠪᠠᠭᠲᠠᠨ᠎ᠠ᠂ ᠪᠢᠴᠢᠯ ᠺᠢᠨᠣ᠋ ᠪᠠᠭᠲᠠᠬᠤ ᠥᠬᠡᠶ︶᠂ ᠲᠧᠯᠸᠢᠰ ᠵᠦᠴᠦᠭᠡ ︵ᠲᠧᠯᠸᠢᠰ ᠬᠡᠦᠬᠡᠯᠲᠡᠢ ᠵᠦᠴᠦᠭᠡ᠂ ᠲᠧᠯᠸᠢᠰ ᠪᠠᠷᠢᠮᠳᠠᠳᠤ ᠹᠢᠯᠢᠮ ᠪᠠᠭᠲᠠᠨ᠎ᠠ︶᠂ ᠷᠠᠳᠢᠣ᠋ ᠵᠦᠴᠦᠭᠡ᠂ ᠳᠠᠭᠤᠤ᠂ ᠪᠥᠵᠢᠭ᠂ ᠨᠣᠮ ᠪᠢᠴᠢᠭ ︵ᠬᠢᠲᠠᠳ ᠬᠡᠯᠡᠨ ᠤ ᠨᠣᠮ ᠪᠢᠴᠢᠭ᠄ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠤᠳᠬ᠎ᠠ ᠤᠷᠠᠯᠢᠭ ᠤᠨ ᠣᠨᠣᠯ ᠤᠨ ᠪᠦᠲᠦᠭᠡᠯ︔ ᠮᠣᠩᠭᠤᠯ ᠨᠣᠮ ᠪᠢᠴᠢᠭ᠄ ᠲᠥᠷᠥᠯ ᠵᠦᠢᠯ ᠢ ᠨᠢ ᠬᠢᠵᠠᠭᠠᠷᠯᠠᠬᠤ ᠦᠭᠡᠢ︶᠃      ᠱᠠᠭᠠᠷᠳᠠᠯᠭ᠎ᠠ ᠶᠣᠰᠣᠭᠠᠷ᠂  ᠮᠡᠳᠡᠭᠦᠯᠬᠦ ᠪᠦᠲᠦᠭᠡᠯ ᠨᠢ 2019 ᠣᠨ ᠤ 4  ᠳ᠋ᠤᠭᠡᠷ ᠰᠠᠷ᠎ᠠ ᠶᠢᠨ 16 ᠤ  ᠡᠳᠦᠷ ᠠᠴᠠ 2020 ᠣᠨ ᠤ 4 ᠳ᠋ᠤᠭᠡᠷ ᠰᠠᠷ᠎ᠠ ᠶᠢᠨ 15 ᠤ ᠡᠳᠦᠷ ᠤᠨ ᠬᠤᠭᠤᠷᠣᠨᠳᠣ ᠠᠩᠬ᠎ᠠ ᠤᠳᠠᠭ᠎ᠠ ᠨᠡᠪᠲᠡᠷᠡᠭᠦᠯᠦᠭᠰᠡᠨ᠂ ᠲᠣᠭᠯᠠᠭᠰᠠᠨ᠂ ᠬᠡᠪᠯᠡᠭᠰᠡᠨ ᠪᠦᠲᠦᠭᠡᠯ ︵ᠲᠠᠶᠢᠰᠠᠨ ᠤ ᠵᠦᠴᠦᠭᠡ ᠠᠩᠬᠠᠨ ᠤ ᠰᠤᠷᠢᠯᠲᠠ ᠲᠤᠭᠯᠠᠯᠲᠠ ᠪᠠᠨ ᠪᠡᠶᠡᠯᠡᠭᠦᠯᠦᠭᠰᠡᠨ᠂ ᠷᠠᠳᠢᠣ᠋ ᠵᠦᠴᠦᠭᠡ ᠨᠢ ᠵᠦᠴᠦᠭᠡ ᠶᠢᠨ ᠳᠡᠪᠲᠡᠷ ᠢᠶᠠᠨ ᠪᠡᠶᠡᠯᠡᠭᠦᠯᠦᠭᠰᠡᠨ ᠢ ᠠᠭᠤᠵᠢᠭᠤ ᠲᠠᠯᠪᠢᠵᠤ᠂ ᠨᠣᠮ ᠪᠢᠴᠢᠭ ᠢ ᠬᠡᠪᠯᠡᠨ ᠲᠠᠷᠬᠠᠭᠠᠭᠰᠠᠨ ᠪᠠᠶᠢᠬᠤ ᠬᠡᠷᠡᠭᠲᠡᠶ︶ ᠪᠣᠯᠤᠨ᠎ᠠ᠃ ᠮᠡᠳᠡᠭᠦᠯᠬᠦ ᠪᠦᠳᠦᠭᠡᠯ ᠨᠢ ᠬᠡᠪᠯᠡᠯ ᠤᠨ ᠡᠷᠬᠡ ᠪᠠ ᠡᠷᠬᠡ ᠣᠯᠭᠤᠬᠤ ᠮᠠᠷᠭᠤᠯᠳᠤᠭᠠᠨ ᠦᠭᠡᠢ ᠪᠠᠶᠢᠬᠤ ᠭᠡᠷᠡᠭᠲᠡᠢ᠂ ᠦᠨᠡᠨ ᠬᠥᠮᠦᠨ ᠦᠨᠡᠨ ᠬᠡᠷᠡᠭ ᠠᠴᠠ ᠰᠡᠳᠦᠪᠯᠡᠨ ᠵᠣᠬᠢᠶᠠᠨ ᠪᠦᠲᠦᠭᠡᠭᠰᠡᠨ ᠪᠦᠲᠦᠭᠡᠯ ᠳᠤ ᠨᠡᠷ᠎ᠡ ᠲᠦᠷᠦ ᠶᠢᠨ ᠡᠷᠭᠡ ᠶᠢᠨ ᠬᠤᠯᠪᠣᠭᠳᠠᠯ ᠪᠦᠬᠦᠢ ᠡᠷᠬᠡᠲᠦ ᠬᠥᠮᠦᠨ ᠨᠢ ᠪᠢᠴᠢᠭ ᠢᠶᠠᠷ ᠡᠷᠭᠡ ᠤᠯᠭᠤᠭᠰᠠᠨ ᠪᠠᠶᠢᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠥᠪᠡᠷᠲᠡᠭᠡᠨ ᠵᠠᠰᠠᠬᠤ ᠣᠷᠣᠨ ᠤ ᠤᠬᠠᠭᠤᠯᠭ᠎ᠠ ᠰᠤᠶᠤᠯ ᠤᠨ ᠰᠢᠰᠲ᠋ᠧᠮ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠲᠠ ᠬᠢᠵᠦ᠂ ᠮᠡᠳᠡᠭᠦᠯᠦᠭᠰᠡᠨ ᠪᠦᠲᠦᠭᠡᠯ ᠳᠤ ᠦᠵᠡᠯ ᠤᠬᠠᠮᠰᠠᠷ ᠤᠨ ᠬᠡᠯᠪᠡᠷᠢ᠂ ᠤᠷᠠᠯᠢᠭ ᠤᠨ ᠬᠢᠷᠢ ᠬᠡᠮᠵᠢᠶ᠎ᠡ᠂ ᠵᠢᠱᠢᠭᠰᠡᠨ ᠦᠷ᠎ᠡ ᠠᠰᠢᠭ ᠵᠡᠷᠭᠡ ᠲᠠᠯ᠎ᠠ ᠠᠴᠠ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠵᠦ᠂ 2020 ᠣᠨ ᠤ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠵᠤᠬᠢᠶᠠᠨ ᠪᠦᠲᠦᠭᠡᠯ ᠢᠶᠠᠷ ᠲᠤᠭᠲᠠᠭᠠᠭᠳᠠᠭᠰᠠᠨ ᠪᠦᠲᠦᠭᠡᠯ ᠨᠢ ᠬᠤᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠲᠤᠰᠬᠠᠢ ᠲᠥᠷᠥᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ