︽ᠰᠢᠨ᠎ᠡ ᠬᠤᠲᠠ ᠲᠤᠭᠤᠷᠢᠭ ᠤᠨ ᠬᠤᠶᠠᠷ ᠬᠤᠷᠠᠯ ᠳᠤ ᠠᠩᠬᠠᠷᠤᠯ ᠢᠶᠠᠨ ᠬᠠᠨᠳᠤᠭᠤᠯᠤᠶ᠎ᠠ︾ ᠰᠢᠨ᠎ᠡ ᠬᠤᠲᠠ ᠲᠣᠭᠤᠷᠢᠭ ᠤᠨ ᠠᠷᠪᠠᠨ ᠳᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-11
     5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ  ᠣᠳᠠᠭᠠᠨ ᠤ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠵᠤᠤ ᠵᠢᠶᠠᠩ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠠ ᠪᠠ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠶᠢ ᠨᠡᠶᠢᠲᠡᠯᠡᠵᠦ᠂ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠠ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠦᠷ ᠴᠠᠭ ᠤᠨ ᠨᠠᠮ ᠤᠨ ᠡᠭᠦᠷ ᠤᠨ ᠱᠦᠵᠢ᠂ ᠳᠡᠳ᠋ ᠱᠦᠵᠢ ᠶᠢᠨ ᠨᠡᠷᠡᠰ ᠢ ᠤᠩᠰᠢᠨ ᠨᠡᠶᠢᠲᠡᠯᠡᠪᠡ᠃
     ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ︔ ᠤᠳᠤᠷᠢᠳᠤᠯᠭ᠎ᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠶᠡᠭᠡ ᠬᠤᠷᠠᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠸᠧᠶ ᠬᠤᠩ ᠵᠢᠶᠦ᠋ᠨ ᠴᠢᠬᠤᠯᠠᠴᠢᠯᠠᠭᠰᠠᠨ ᠨᠢ᠂ ᠪᠥᠬᠦ ᠨᠠᠮ ᠤᠨ ᠭᠡᠰᠢᠭᠦᠨ ᠲᠥᠯᠥᠭᠡᠯᠡᠭᠴᠢ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠡᠪ ᠬᠠᠮᠲᠤ ᠨᠠᠮ ᠤᠨ ᠭᠡᠰᠢᠭᠦᠨ ᠤ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ  ᠠᠷᠪᠠᠨ ᠶᠢᠰᠦᠳᠦᠭᠡᠷ ᠶᠡᠭᠡ ᠬᠤᠷᠠᠯ ᠪᠣᠯᠤᠨ ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠶᠡᠭᠡ ᠬᠤᠷᠠᠯ ᠢ ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ᠂ ᠤᠯᠠᠮ ᠢᠶᠠᠷ ᠢᠶᠠᠨ ᠠᠷᠭ᠎ᠠ ᠪᠤᠳᠤᠵᠤ ᠪᠦᠭᠦᠳᠡᠭᠡᠷ ᠢᠶᠠᠷ ᠢᠶᠠᠨ ᠬᠦᠴᠦ ᠭᠠᠷᠭᠠᠬᠤ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠪᠦᠯᠬᠦᠮᠳᠡᠨ ᠲᠠᠪᠰᠢᠬᠤ᠂ ᠬᠥᠭᠵᠢᠯᠲᠡ ᠪᠠᠨ ᠲᠦᠷᠭᠡᠳᠬᠡᠬᠦ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠤᠨ ᠡᠯ᠎ᠡ ᠵᠦᠢᠯ ᠤᠨ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号