ᠬᠦᠬᠡᠬᠤᠳᠠ ᠠᠵᠦ ᠦᠢᠯᠡᠳᠪᠦᠷᠢ ᠶᠢᠨ 50 ᠭᠤᠣᠯᠳᠠᠯᠭ᠎ᠠ ᠲᠠᠢ ᠠᠵᠦ ᠠᠬᠤᠢᠢᠯᠠᠯ ᠳᠤ ︽ᠨᠢᠬᠡ ᠨᠢ ᠨᠢᠬᠡ  ᠲᠠᠢ ᠬᠠᠷᠠᠭᠠᠯᠵᠠᠬᠰᠠᠨ︾ ᠤᠨᠤᠴᠠᠳᠠᠢ ᠲᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2020-05-11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠣᠶᠢᠷ᠎ᠠ ᠳᠤ᠂ ᠬᠦᠬᠡᠬᠤᠳᠠ ᠪᠦᠬᠦ ᠬᠤᠲᠠ ᠶᠢᠨ ᠠᠵᠦ ᠦᠢᠯᠡᠳᠪᠦᠷᠢ ᠶᠢᠨ 50 ᠭᠤᠣᠯᠳᠠᠯᠭ᠎ᠠ ᠲᠠᠢ ᠠᠵᠦ ᠠᠬᠤᠢᠢᠯᠠᠯ ᠳᠤ ︽ᠨᠢᠬᠡ ᠨᠢ ᠨᠢᠬᠡ ᠲᠠᠢ ᠬᠠᠷᠠᠭᠠᠯᠵᠠᠬᠰᠠᠨ︾ ᠤᠨᠤᠴᠠᠳᠠᠢ ᠲᠤᠬᠢᠷᠠᠭᠤᠯᠤᠯᠳᠠ ᠬᠢᠵᠦ᠂ ᠠᠵᠦ ᠠᠬᠤᠶᠢᠯᠠᠯ ᠤᠨ ᠤᠳᠤᠬᠠᠨ  ᠤ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠪᠠ ᠤᠷᠤᠰᠢᠵᠦ ᠪᠠᠶᠢᠭ᠎ᠠ ᠠᠰᠠᠭᠤᠳᠠᠯ ᠬᠦᠴᠢᠷᠳᠡᠯ ᠢ ᠬᠦᠨᠵᠡᠬᠡᠢ ᠤᠢᠢᠯᠠᠭᠠᠬᠤ ᠶᠢᠨ ᠬᠠᠮᠳᠤ᠂ ᠬᠠᠷᠠᠭᠠᠯᠵᠠᠬᠰᠠᠨ ᠠᠷᠭ᠎ᠠ ᠬᠡᠮᠵᠢᠶ᠎ᠡ ᠶᠢ ᠲᠤᠭᠳᠠᠭᠠᠵᠠᠢ᠃      ᠬᠥᠬᠡᠬᠤᠲᠠ ᠶᠢᠨ ᠡᠨᠡ ᠤᠳᠠᠭ᠎ᠠ ︽ᠨᠢᠬᠡ ᠨᠢ ᠨᠢᠬᠡ ᠲᠠᠢ ᠬᠠᠷᠠᠭᠠᠯᠵᠠᠬᠰᠠᠨ︾ ᠤᠨᠤᠴᠠᠳᠠᠢ ᠲᠤᠬᠢᠷᠠᠭᠤᠯᠤᠯᠳᠠ ᠬᠢᠬᠦ ᠬᠦᠷᠢᠶ᠎ᠡ ᠬᠡᠪᠴᠢᠶ᠎ᠡ ᠨᠢ ᠪᠦᠬᠦ ᠬᠤᠳᠠ ᠶᠢᠨ ᠠᠵᠦ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠤᠨ 90% ᠤᠷᠴᠢᠮ ᠬᠦᠷᠬᠦ ᠠᠵᠦ ᠦᠢᠯᠡᠳᠪᠦᠷᠢ ᠶᠢᠨ 50 ᠭᠤᠣᠯᠳᠠᠯᠭ᠎ᠠ ᠲᠠᠢ ᠠᠵᠦ ᠠᠬᠤᠶᠢᠯᠠᠯ ᠢ ᠪᠦᠷᠬᠦᠵᠦ᠂ ᠢᠳᠡᠬᠡᠨ᠂ ᠴᠠᠬᠢᠯᠭᠠᠨ ᠬᠦᠴᠤ᠂ ᠬᠢᠮᠢ ᠶᠢᠨ ᠠᠵᠦ ᠦᠢᠯᠡᠳᠪᠦᠷᠢ᠂ ᠡᠮ᠂ ᠬᠡᠷᠡᠯᠴᠢ ᠴᠡᠨᠡᠭ᠂ ᠡᠯᠧᠺᠲᠷᠤᠨ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠪᠤᠭᠤᠳᠠᠯᠯᠠᠬᠤ᠂ ᠲᠠᠮᠠᠬᠢ ᠵᠡᠷᠭᠡ 10 ᠠᠵᠢᠯ ᠲᠦᠷᠦᠯ ᠳᠤ ᠬᠤᠯᠪᠤᠬᠳᠠᠵᠠᠢ᠃ ᠬᠥᠬᠡᠬᠤᠲᠠ ᠶᠢᠨ ᠠᠵᠤ ᠦᠢᠯᠡᠳᠪᠦᠷᠢ ᠶᠢᠨ 50 ᠭᠤᠣᠯᠳᠠᠯᠭ᠎ᠠ ᠲᠠᠢ ᠠᠵᠤ ᠠᠬᠤᠶᠢᠯᠠᠯ ᠨᠢ ᠨᠡᠶᠢᠲᠡ 51 ᠠᠰᠠᠭᠤᠳᠠᠯ ᠢ ᠲᠤᠰᠬᠠᠵᠦ᠂ ᠲᠤᠰᠬᠠᠬᠰᠠᠨ ᠠᠰᠠᠭᠤᠳᠠᠯ ᠨᠢ ᠵᠠᠬ᠎ᠠ ᠲᠡᠯᠬᠡᠬᠦᠷ᠂ ᠪᠡᠯᠡ ᠮᠦᠩᠬᠦ᠂ ᠲᠦᠷᠦ ᠶᠢᠨ ᠪᠣᠳᠣᠯᠭ᠎ᠠ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ 4 ᠲᠠᠯ᠎ᠠ ᠳᠤ ᠬᠤᠯᠪᠤᠬᠳᠠᠵᠦ᠂ ᠲᠦᠷᠦ ᠶᠢᠨ ᠪᠣᠳᠣᠯᠭ᠎ᠠ ᠶᠢᠨ ᠲᠤᠬᠠᠢ ᠨᠡᠶᠢᠳᠡ 38 ᠵᠤᠷᠪᠤᠰ ᠰᠠᠨᠠᠭᠤᠯᠭ᠎ᠠ ᠲᠤᠷᠠᠳᠴᠤ᠂ ᠰᠠᠨᠠᠭᠤᠯᠭ᠎ᠠ ᠨᠢ ᠭᠤᠤᠯᠳᠠᠭᠤ ᠪᠡᠯᠡ ᠬᠤᠷᠠᠮᠳᠤᠭᠤᠯᠬᠤ ᠬᠡᠷᠡᠭᠴᠡᠭᠡ᠂ ᠭᠠᠶᠢᠯᠢ ᠰᠦᠢᠳᠬᠡᠯ ᠢ ᠬᠠᠰᠤᠨ ᠬᠡᠯᠲᠦᠷᠢᠭᠦᠯᠬᠦ᠂ ᠲᠦᠷᠦ ᠶᠢᠨ ᠪᠣᠳᠣᠯᠭ᠎ᠠ ᠶᠢᠨ ᠨᠥᠬᠦᠪᠦᠷᠢ ᠥᠭᠬᠦ᠂ ᠲᠦᠷᠦ ᠶᠢᠨ ᠪᠣᠳᠣᠯᠭ᠎ᠠ ᠶᠢ ᠲᠡᠬᠦᠯᠳᠡᠷᠵᠢᠬᠦᠯᠬᠦ 4 ᠲᠠᠯ᠎ᠠ ᠳᠤ ᠬᠤᠯᠪᠤᠬᠳᠠᠵᠠᠢ᠃ ᠡᠬᠦᠨ ᠤ ᠳᠣᠲᠣᠷ᠎ᠠ᠂ ᠪᠡᠯᠡ ᠬᠤᠷᠠᠮᠳᠤᠭᠤᠯᠬᠤ ᠬᠡᠷᠡᠭᠴᠡᠭᠡ ᠪᠠ ᠭᠠᠶᠢᠯᠢ ᠰᠦᠢᠳᠬᠡᠯ ᠢ ᠬᠠᠰᠤᠨ ᠬᠡᠯᠳᠦᠷᠢᠬᠦᠯᠬᠦ ᠲᠠᠯ᠎ᠠ ᠪᠠᠷ ᠠᠵᠦ ᠠᠬᠤᠢᠢᠯᠠᠯ ᠮᠠᠰᠢ ᠶᠡᠭᠡ ᠠᠩᠬᠠᠷᠴᠤ ᠪᠠᠶᠢᠨ᠎ᠠ᠃ ᠠᠵᠦ ᠠᠬᠤᠢᠢᠯᠠᠯ ᠤᠳ ᠤᠨ ᠲᠤᠰᠬᠠᠬᠰᠠᠨ ᠠᠰᠠᠭᠤᠳᠠᠯ ᠤᠳ ᠢ ᠬᠦᠬᠡᠬᠤᠳᠠ ᠶᠢᠨ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠡ ᠶᠢᠨ ᠲᠣᠪᠴᠢᠶ᠎ᠠ ᠨᠢ ᠤᠳᠤ ᠶᠠᠭ ᠰᠠᠶᠢᠬᠠᠨ ᠲᠦᠷᠦᠯ ᠢᠯᠭᠠᠨ ᠲᠠᠩᠰᠠ ᠵᠤᠬᠢᠶᠠᠵᠦ᠂ ᠬᠠᠷᠢᠭᠤᠴᠠᠬᠤ ᠬᠥᠮᠥᠨ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠦᠷᠦ ᠶᠢᠨ ᠪᠣᠳᠣᠯᠭ᠎ᠠ᠂ ᠪᠡᠯᠡ ᠮᠥᠩᠭᠦ ᠵᠡᠷᠬᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠰᠢᠢᠳᠪᠦᠷᠢᠯᠡᠬᠦ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号