︵ᠰᠤᠷᠪᠤᠯᠵᠢᠯᠠᠭᠴᠢ ᠵᠢᠶᠠᠩ ᠶᠢᠨ ᠪᠥᠸᠧ︶ 2019 ᠣᠨ ᠤ 4 ᠳ᠋ᠦ᠋ᠭᠡᠷ ᠰᠠᠷ᠎ᠠ ᠳᠤ᠂ ᠮᠠᠨ ᠤ ᠬᠤᠲᠠ | ︽ᠬᠥᠬᠡᠬᠤᠲᠠ ᠶᠢᠨ ᠲᠡᠭᠦᠰᠬᠦ ᠤᠶᠤᠳᠠᠳ ᠤᠨ ᠬᠢᠮᠳᠠ ᠤᠷᠤᠨ ᠰᠠᠭᠤᠴᠠ ᠶᠢᠨ ᠢᠨᠵᠧᠨᠧᠷᠢᠩ ︵ᠲᠤᠷᠰᠢᠯᠳᠠ ᠶᠢᠨ | ᠴᠡᠭ ︶ ᠤᠨ ᠭᠡᠷᠡᠭᠵᠢᠬᠦᠯᠬᠦ ᠠᠷᠭ᠎ᠠ︾ ᠶᠢ ᠨᠡᠶᠢᠲᠡᠯᠡᠪᠡ᠂ ᠲᠤᠰ ᠲᠥᠷᠥ ᠶᠢᠨ ᠪᠣᠳᠣᠯᠭ᠎ᠠ ᠨᠡᠶᠢᠲᠡᠯᠡᠭᠳᠡᠮᠡᠭᠴᠡ | ᠨᠡᠶᠢᠭᠡᠮ ᠤᠨ ᠡᠯ᠎ᠡ ᠡᠲᠡᠭᠡᠳ ᠤᠨ ᠣᠨᠴᠠ ᠠᠩᠬᠠᠷᠤᠯ ᠢ ᠲᠠᠲᠠᠭᠰᠠᠨ ᠪᠠᠶᠢᠨ᠎ᠠ᠃ ᠬᠥᠬᠡᠬᠤᠲᠠ ᠶᠢᠨ ᠣᠷᠣᠢ ᠶᠢᠨ | ᠰᠣᠨᠢᠨ ᠤ ᠰᠤᠷᠪᠤᠯᠵᠢᠯᠠᠭᠴᠢ ᠥᠴᠥᠭᠡᠳᠦᠷ ᠣᠶᠢᠯᠠᠭᠠᠭᠰᠠᠨ ᠢᠶᠠᠷ᠂ ᠬᠥᠬᠡᠬᠤᠲᠠ ᠶᠢᠨ ᠴᠢᠳᠠᠪᠤᠷᠢᠲᠠᠨ ᠤᠷᠢᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠵᠢ ᠪᠦᠷᠢᠳᠦᠭᠦᠯᠬᠦ ᠲᠥᠷᠥᠯ ᠵᠦᠢᠯ 10 ᠤ ᠡᠳᠦᠷ ᠠᠴᠠ | ᠡᠬᠢᠯᠡᠵᠦ᠂ ᠡᠨᠡ ᠨᠢ ᠲᠤᠰ ᠲᠥᠷᠥ ᠶᠢᠨ ᠪᠣᠳᠣᠯᠭ᠎ᠠ ᠵᠢᠩᠬᠢᠨᠢ ᠪᠠᠷ ᠨᠠᠶᠢᠳᠠᠪᠤᠷᠢᠵᠢᠨ ᠬᠡᠷᠡᠭᠵᠢᠭᠦᠯᠦᠭᠳᠡᠭᠰᠡᠨ ᠢ | ᠬᠠᠷᠠᠭᠤᠯᠪᠠ᠃ | ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠢ ᠬᠤᠲᠠ ᠶᠢᠨ ᠬᠠᠷᠢᠶ᠎ᠠ ᠲᠣᠮᠣ ᠬᠡᠯᠪᠡᠷᠢ ᠶᠢᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠪᠡᠯᠡ ᠣᠷᠣᠭᠤᠯᠤᠨ ᠪᠦᠲᠦᠭᠡᠨ ᠪᠠᠶᠢᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠦᠲᠦᠭᠡᠨ | ᠪᠠᠶᠢᠭᠤᠯᠵᠤ᠂ ᠣᠷᠴᠢᠮ ᠠᠴᠠ ᠪᠠᠷᠢᠯᠭ᠎ᠠ ᠪᠠᠨ ᠡᠬᠢᠯᠡᠭᠦᠯᠵᠦ᠂ ᠪᠠᠶᠢᠭᠤᠯᠤᠭᠳᠠᠭᠰᠠᠨ ᠤ ᠳᠠᠷᠠᠭ᠎ᠠ ᠴᠢᠳᠠᠪᠤᠷᠢᠲᠠᠨ ᠳᠤ | ᠬᠡᠷᠡᠭᠯᠡᠬᠦ ᠭᠡᠷ ᠪᠠᠶᠢᠰᠢᠩ 1649 ᠢᠵᠢ᠂ ᠴᠢᠳᠠᠪᠤᠷᠢᠲᠠᠨ ᠤ ᠪᠠᠶᠢᠷᠢ 1500 ᠢᠵᠢ ᠬᠠᠩᠭᠠᠵᠤ᠂ ᠮᠠᠨ ᠤ | ᠬᠤᠲᠠ ᠶᠢᠨ ᠡᠯ᠎ᠡ ᠲᠥᠷᠥᠯ ᠤᠨ ᠰᠢᠯᠢᠳᠡᠭ ᠴᠢᠳᠠᠪᠤᠷᠢᠲᠠᠨ ᠢ ᠤᠷᠢᠨ ᠬᠡᠷᠡᠭᠯᠡᠬᠦ ᠳᠤ ᠣᠷᠣᠨ ᠰᠠᠭᠤᠴᠠ ᠶᠢᠨ | ᠪᠠᠲᠤᠯᠠᠭ᠎ᠠ ᠬᠠᠩᠭᠠᠪᠠ᠃ ᠣᠳᠣᠬᠠᠨ ᠪᠣᠯᠲᠠᠯ᠎ᠠ᠂ ᠲᠤᠰ ᠲᠥᠷᠥᠯ ᠵᠦᠢᠯ ᠤᠨ ᠲᠥᠯᠥᠪᠵᠢᠭᠦᠯᠭᠡ ᠵᠢᠷᠤᠭ | ᠲᠥᠯᠥᠪᠯᠡᠭᠡ ᠶᠢ ᠨᠢᠭᠡᠨᠲᠡ ᠪᠡᠶᠡᠯᠡᠭᠦᠯᠵᠦ᠂ ᠲᠥᠷᠥᠯ ᠵᠦᠢᠯ ᠨᠢ ᠨᠢᠭᠡᠨᠲᠡ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠥᠪᠰᠢᠶᠡᠷᠡᠭᠰᠡᠨ ᠪᠢᠴᠢᠭ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ︾ ᠢ ᠣᠯᠵᠤ᠂ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | | ᠲᠠᠨᠢᠯᠴᠠᠭᠤᠯᠤᠭᠰᠠᠨ ᠢᠶᠠᠷ᠂ ᠡᠨᠡ ᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠥᠬᠡᠬᠤᠲᠠ ᠶᠢᠨ | ᠣᠯᠠᠨ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ | ᠪᠦᠷᠢᠯᠳᠦᠭᠦᠯᠵᠦ᠂ ᠴᠢᠳᠠᠪᠤᠷᠢᠲᠠᠨ ᠤ ᠲᠦᠰᠢᠯᠭᠡ ᠲᠠᠢ ᠰᠡᠳᠬᠢᠭᠳᠡᠯ ᠪᠠ ᠵᠣᠯ ᠵᠢᠷᠭᠠᠯ ᠤᠨ ᠲᠥᠷᠥᠭᠳᠡᠯ ᠢ | ᠨᠡᠮᠡᠭᠳᠡᠭᠦᠯᠦᠨ᠂ ᠮᠠᠨ ᠤ ᠬᠤᠲᠠ ᠶᠢᠨ ᠴᠢᠳᠠᠪᠤᠷᠢᠲᠠᠨ ᠢ ᠤᠷᠢᠵᠤ ᠮᠡᠷᠭᠡᠵᠢᠯᠲᠡᠨ ᠢ ᠬᠡᠷᠡᠭᠯᠡᠬᠦ ᠦᠨᠡᠨ ᠰᠡᠳᠬᠢᠯ ᠪᠠ | ᠡᠷᠡᠰ ᠵᠣᠷᠢᠭ ᠢ ᠭᠦᠢᠴᠡᠳ ᠢᠯᠡᠷᠡᠭᠦᠯᠵᠦ᠂ ᠴᠢᠳᠠᠪᠤᠷᠢᠲᠠᠨ ᠢ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ | ᠶᠡᠬᠡᠪᠡᠷ ᠪᠣᠢ ᠪᠣᠯᠭᠠᠵᠤ᠂ ᠨᠡᠩ ᠶᠡᠭᠡ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠲᠠᠢ ᠤᠯᠤᠰ ᠤᠨ ᠤᠮᠠᠷᠠᠲᠤ | ᠬᠢᠯᠢ ᠶᠢᠨ ᠴᠢᠳᠠᠪᠤᠷᠢᠲᠠᠨ ᠤ ᠥᠨᠳᠦᠷᠯᠢᠭ ᠢ ᠪᠦᠲᠦᠭᠡᠨ ᠪᠠᠶᠢᠭᠤᠯᠤᠨ᠂ ᠬᠥᠬᠡᠬᠤᠲᠠ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠤ ᠡᠬᠢ ᠪᠤᠯᠠᠭ ᠪᠠ ᠰᠢᠨ᠎ᠡ ᠠᠮᠢᠵᠢᠷᠠᠯ ᠤᠨ ᠬᠦᠴᠦᠨ ᠢ ᠣᠯᠭᠤᠬᠤ | ᠪᠣᠯᠣᠨ᠎ᠠ᠃ |