ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠦᠢᠯᠡᠴᠢᠯᠡᠭᠡᠨ ᠤ ᠵᠦᠭᠯᠡᠭᠦᠷ
ᠨᠡᠶᠢᠲᠡᠯᠡᠭᠰᠡᠨ ᠴᠠᠭ᠄
2020-05-11
     ᠨᠢᠭᠡ᠂  ᠵᠦᠢᠯᠡᠰ ᠤᠨ ᠲᠣᠪᠴᠢ ᠲᠣᠭᠠᠴᠢᠯᠲᠠ      ᠠᠵᠢᠯᠲᠠᠨ ᠠᠵᠢᠯᠴᠢᠨ ᠠᠵᠢᠯ ᠠᠴᠠ ᠪᠣᠯᠤᠭᠰᠠᠨ ᠭᠡᠮᠲᠦᠯ ᠭᠠᠷᠴᠤ᠂ ᠡᠮᠨᠡᠭᠦᠯᠦᠭᠡᠳ  ᠰᠢᠷᠬ᠎ᠠ  ᠶᠢᠨ ᠪᠠᠶᠢᠳᠠᠯ ᠬᠠᠷᠢᠴᠠᠩᠭᠤᠢ ᠲᠣᠭᠲᠠᠪᠤᠷᠢᠲᠠᠶ ᠪᠣᠯᠤᠭᠰᠠᠨ ᠪᠤᠶᠤ ᠠᠵᠢᠯ ᠢᠶᠠᠨ ᠵᠣᠭᠰᠣᠭᠠᠵᠤ ᠴᠠᠯᠢᠩ ᠢᠶᠠᠨ ᠦᠯᠡᠳᠡᠭᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠵᠡᠮᠳᠡᠭᠷᠡᠭᠰᠡᠨ᠂ ᠬᠥᠳᠡᠯᠮᠦᠷᠢᠯᠡᠬᠦ ᠴᠢᠳᠠᠪᠤᠷᠢ ᠶᠢ ᠨᠥᠯᠥᠭᠡᠯᠡᠭᠰᠡᠨ ᠪᠠᠶᠢᠪᠠᠯ᠂ ᠬᠥᠳᠡᠯᠮᠦᠷᠢᠯᠡᠬᠦ ᠴᠢᠳᠠᠪᠤᠷᠢ ᠶᠢᠨ  ᠰᠢᠯᠭᠠᠨ ᠲᠣᠭᠲᠠᠭᠠᠯᠲᠠ ᠬᠢᠬᠦ ᠬᠡᠷᠡᠭᠲᠡᠶ᠃      ᠬᠤᠶᠠᠷ᠂  ᠦᠨᠳᠦᠰᠦᠨ ᠡᠯᠧᠮᠧᠨ᠋ᠲ      ︵ᠨᠢᠭᠡ︶  ᠵᠦᠢᠯᠡᠰ ᠤᠨ ᠨᠡᠷᠡᠶᠢᠳᠦᠯ      ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ      ︵ᠬᠤᠶᠠᠷ︶  ᠭᠦᠢᠴᠡᠳᠭᠡᠬᠦ ᠮᠠᠲ᠋ᠧᠷᠢᠶᠠᠯ      1. ︽ ᠬᠦᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠶᠢᠨ ᠤᠤᠯ ᠬᠡᠪ 1 ᠬᠤᠪᠢ      2. ᠬᠦᠴᠦᠨ ᠲᠠᠢ ᠣᠨᠣᠰᠢᠯᠠᠭᠰᠠᠨ ᠭᠡᠷᠡᠴᠢ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ  ᠨᠠᠮᠳᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠠᠷᠤᠮᠠᠯᠯᠠᠭᠰᠠᠨ ᠪᠤᠶᠤ ᠬᠠᠭᠤᠯᠪᠤᠷᠢᠯᠠᠭᠰᠠᠨ ᠪᠠᠶᠢᠴᠠᠭᠠᠯᠲᠠ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠡᠪᠡᠳᠴᠢᠨ ᠤ  ᠨᠠᠮᠳᠠᠷ ᠤᠨ ᠪᠦᠷᠢᠨ ᠪᠦᠲᠦᠨ ᠮᠠᠲ᠋ᠧᠷᠢᠶᠠᠯ︔      3. ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠪᠤᠰᠤᠳ ᠬᠦᠴᠦᠨ ᠪᠦᠬᠦᠢ ᠪᠡᠶ᠎ᠡ ᠶᠢᠨ  ᠭᠠᠷᠤᠯ ᠤᠨ  ᠭᠡᠷᠡᠴᠢ ᠲᠡᠮᠳᠡᠭ  ᠤᠨ  ᠣᠣᠯ ᠬᠡᠪ︔      4 . ︽ᠬᠦᠳᠡᠯᠮᠦᠷᠢᠯᠡᠬᠦ ᠴᠢᠳᠠᠪᠤᠷᠢ ᠶᠢ ᠠᠩᠬ᠎ᠠ ᠤᠳᠠᠭ᠎ᠠ ᠰᠢᠯᠭᠠᠨ ᠲᠣᠭᠲᠠᠭᠠᠭᠰᠠᠨ ᠳ᠋ᠦᠩᠨᠡᠯᠲᠡ ᠶᠢᠨ ᠮᠡᠳᠡᠭᠳᠡᠯ ᠤᠨ ᠪᠢᠴᠢᠭ︾ ᠤᠨ ᠬᠠᠭᠤᠯᠪᠤᠷᠢ1ᠬᠤᠪᠢ ︵ᠬᠦᠳᠡᠯᠮᠦᠷᠢᠯᠡᠬᠦ ᠴᠢᠳᠠᠪᠤᠷᠢ ᠶᠢ ᠳᠠᠪᠲᠠᠨ ᠪᠠᠶᠢᠴᠠᠭᠠᠯᠭᠠᠵᠤ   ᠰᠢᠯᠭᠠᠭᠤᠯᠤᠨ  ᠲᠤᠭᠲᠠᠭᠠᠬᠤ ᠪᠠᠷ ᠭᠤᠶᠤᠴᠢᠯᠠᠬᠤ ᠳᠤ ᠬᠠᠩᠭᠠᠬᠤ︶᠃      ︵ᠭᠤᠷᠪᠠ︶  ᠬᠦᠢᠴᠡᠳᠭᠡᠬᠦ ᠠᠷᠭ᠎ᠠ ᠮᠠᠶ᠋ᠢᠭ      ᠲᠤᠬᠠᠢ ᠶᠢᠨ ᠲᠠᠯᠠᠪᠤᠷ ᠲᠤ  ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ      ︵ ᠳᠥᠷᠪᠡ︶ ᠬᠦᠢᠴᠡᠳᠭᠡᠬᠦ  ᠴᠠᠭ ᠤᠨ ᠬᠢᠵᠠᠭᠠᠷᠯᠠᠯ      ᠬᠥᠳᠡᠯᠮᠦᠷᠢᠯᠡᠬᠦ ᠴᠢᠳᠠᠪᠤᠷᠢ ᠶᠢ  ᠰᠢᠯᠭᠠᠭᠤᠯᠤᠨ ᠲᠤᠭᠲᠠᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ ᠴᠢᠬᠤᠯᠠᠲᠠᠶ ᠦᠶ᠎ᠡ ᠳᠤ 30 ᠡᠳᠦᠷ ᠤᠷᠲᠤᠳᠬᠠᠵᠤ ᠪᠣᠯᠤᠨ᠎ᠠ᠃      ︵ᠲᠠᠪᠤ︶ ᠦᠷ᠎ᠡ ᠳ᠋ᠦᠩ ᠢ ᠬᠦᠷᠭᠡᠬᠦ      ᠭᠤᠶᠤᠴᠢᠯᠠᠭᠴᠢ ᠥᠪᠡᠷᠲᠡᠭᠡᠨ ᠣᠴᠢᠵᠤ ᠠᠪᠬᠤ      ︵ᠵᠢᠷᠭᠤᠭ᠎ᠠ︶  ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ      ᠰᠦᠢᠳᠭᠡᠯ ᠬᠤᠷᠢᠶᠠᠬᠤ᠄ 200 ᠲᠥᠭᠦᠷᠢᠭ / ᠬᠥᠮᠦᠨ ᠤᠳᠠᠭ᠎ᠠ    ᠰᠦᠢᠳᠭᠡᠯ ᠬᠤᠷᠢᠶᠠᠬᠤ ᠦᠨᠳᠦᠰᠦᠯᠡᠯ᠄ ︽ᠬᠦᠳᠡᠯᠮᠦᠷᠢ  ᠶᠢᠨ  ᠰᠢᠯᠭᠠᠨ ᠲᠣᠭᠲᠠᠭᠠᠯᠲᠠ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠦᠨ᠎ᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠤᠨ ᠴᠣᠬᠤᠯᠠᠪᠤᠷᠢ︾ ︵ᠦᠪᠦᠷ ᠦᠨ᠎ᠡ ᠰᠦᠢᠳᠭᠡᠯ ᠲᠠᠷᠬᠠᠭᠠᠭᠰᠠᠨ ﹇1997﹈ 44  ᠳ᠋ᠤᠭᠡᠷ ᠲᠣᠭᠠᠲᠤ︶᠃      ︵ᠳᠣᠯᠤᠭ᠎ᠠ︶ ᠬᠡᠷᠡᠭ ᠡᠷᠬᠢᠯᠡᠬᠦ ᠴᠠᠭ      ᠤᠯᠠᠷᠢᠯ ᠪᠦᠷᠢ ᠳᠤ ᠨᠢᠭᠡ ᠤᠳᠠᠭ᠎ᠠ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠂ ᠪᠣᠳᠠᠲᠠᠶ ᠴᠠᠭ ᠨᠢ᠄ 3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 15 ᠤ ᠡᠳᠦᠷ᠂ 6  ᠳ᠋ᠤᠭᠠᠷ ᠰᠠᠷ᠎ᠠ ᠶᠢᠨ 1 ᠤ ᠡᠳᠦᠷ ᠠᠴᠠ 6  ᠳ᠋ᠤᠭᠠᠷ ᠰᠠᠷ᠎ᠠ ᠶᠢᠨ 15 ᠤ ᠡᠳᠦᠷ᠂ 9 ᠳ᠋ᠤᠭᠡᠷ ᠰᠠᠷ᠎ᠠ ᠶᠢᠨ 1 ᠤ ᠡᠳᠦᠷ ᠠᠴᠠ 9  ᠳ᠋ᠤᠭᠡᠷ ᠰᠠᠷ᠎ᠠ ᠶᠢᠨ 15 ᠤ ᠡᠳᠦᠷ᠂ 11  ᠳ᠋ᠤᠭᠡᠷ ᠰᠠᠷ᠎ᠠ ᠶᠢᠨ 1 ᠤ ᠡᠳᠦᠷ ᠠᠴᠠ 11  ᠳ᠋ᠤᠭᠡᠷ ᠰᠠᠷ᠎ᠠ ᠶᠢᠨ 15 ᠤ ᠡᠳᠦᠷ ︵ᠠᠵᠢᠯᠯᠠᠬᠤ ᠡᠳᠦᠷ ᠤᠨ ᠦᠳᠡ ᠶᠢᠨ ᠡᠮᠦᠨ᠎ᠡ ᠶᠢᠨ 9᠄ 00 — 12᠄ 00᠂ ᠦᠳᠡ ᠶᠢᠨ ᠬᠤᠶᠢᠨ᠎ᠠ ᠶᠢᠨ 13᠄ 30 — 5᠄ 00︶      ︵ᠨᠠᠢᠮᠠ︶ ᠬᠦᠢᠴᠡᠳᠭᠡᠬᠦ ᠪᠠᠶᠢᠭᠤᠯᠤᠮᠵᠢ ᠵᠢᠴᠢ ᠭᠠᠵᠠᠷ      ᠬᠦᠢᠴᠡᠳᠭᠡᠬᠦ ᠪᠠᠶᠢᠭᠤᠯᠤᠮᠵᠢ᠄ ᠬᠥᠬᠡᠬᠤᠲᠠ ᠶᠢᠨ ᠬᠥᠳᠡᠯᠮᠦᠷᠢᠯᠡᠬᠦ ᠴᠢᠳᠠᠪᠤᠷᠢ ᠶᠢ  ᠰᠢᠯᠭᠠᠨ ᠲᠣᠭᠲᠠᠭᠠᠬᠤ ᠲᠥᠪ      ᠬᠦᠢᠴᠡᠳᠭᠡᠬᠦ ᠭᠠᠵᠠᠷ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠶᠢᠨ ᠬᠠᠶ ᠣᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ C  ᠪᠠᠶᠢᠷᠢ ᠶᠢᠨ 1327  ᠭᠡᠷ      ︵ᠶᠢᠰᠦ︶ ᠠᠰᠠᠭᠤᠨ ᠯᠠᠪᠯᠠᠬᠤ ᠠᠷᠭ᠎ᠠ ᠵᠠᠮ      ᠣᠳᠠᠰᠤ ᠪᠠᠷ ᠯᠠᠪᠯᠠᠬᠤ᠂ 0471-5181393      ︵ᠠᠷᠪᠠ︶ ᠬᠢᠨᠠᠯᠲᠠ ᠲᠠᠯᠪᠢᠵᠤ ᠵᠠᠭᠠᠯᠳᠤᠬᠤ ᠠᠷᠭ᠎ᠠ ᠵᠠᠮ      ᠤᠲᠠᠰᠤ ᠪᠠᠷ ᠬᠢᠨᠠᠯᠳᠠ ᠲᠠᠯᠪᠢᠵᠤ ᠵᠠᠭᠠᠯᠳᠤᠬᠤ᠂ 0471 - 5181231      ᠭᠤᠷᠪᠠ᠂  ᠬᠦᠢᠴᠡᠳᠭᠡᠬᠦ  ᠴᠤᠪᠤᠷᠠᠯ ᠵᠢᠷᠤᠭ ᠢ ᠳᠠᠭᠠᠯᠳᠤᠭᠤᠯᠤᠯ ᠳᠤ ᠦᠵᠡ      ᠲᠠᠭᠠᠯᠳᠤᠭᠤᠯᠤᠯ᠄      ᠬᠦᠳᠡᠯᠮᠦᠷᠢᠯᠡᠬᠦ ᠴᠢᠳᠠᠪᠤᠷᠢ ᠶᠢ ᠰᠢᠯᠭᠠᠨ ᠲᠤᠭᠲᠠᠭᠠᠬᠤ ᠦᠢᠯᠡᠴᠢᠯᠡᠭᠡ ᠶᠢᠨ ᠵᠦᠭᠯᠡᠭᠦᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号