2020 ᠣᠨ ᠤ ᠬᠦᠬᠡᠬᠤᠳᠠ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠲᠦᠷᠦ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020-05-11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 5 ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃     ᠣᠶᠢᠯᠠᠭᠠᠭᠰᠠᠨ ᠢᠶᠠᠷ᠂ ᠡᠨᠡ ᠵᠢᠯ ᠬᠦᠬᠡᠬᠤᠳᠠ ᠶᠢᠨ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ ᠶᠢ  ᠰᠦᠯᠵᠢᠶᠡᠨ ᠳᠡᠭᠡᠷ᠎ᠡ ᠳᠠᠩᠰᠠᠯᠠᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠃ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠ ᠮᠡᠳᠡᠭᠡ ᠵᠠᠩᠭᠢ ᠪᠠᠨ ᠦᠭᠬᠦ ᠴᠠᠭ ᠨᠢ 6 ᠰᠠᠷ᠎ᠠ  ᠶᠢᠨ 1 ᠤ ᠡᠳᠦᠷ ᠠᠴᠠ 30 ᠤ ᠡᠳᠦᠷ ᠪᠣᠯᠲᠠᠯ᠎ᠠ᠃ ᠰᠤᠷᠭᠠᠭᠤᠯᠢ ᠳᠤ ᠤᠷᠤᠬᠤ ᠨᠠᠰᠤᠨ ᠤ ᠬᠡᠤᠬᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠦᠭᠬᠦ ᠳᠡᠭᠡᠨ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ  ᠶᠢᠨ ᠰᠦᠯᠵᠢᠶ᠎ᠡ ᠪᠠᠷ ᠳᠡᠮᠵᠢᠨ᠂ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ ᠳᠤ ᠭᠠᠷᠴᠤ᠂ ᠬᠠᠮᠢᠶ᠎ᠠ ᠪᠦᠬᠦᠢ ᠲᠣᠳᠣᠷᠬᠠᠶᠢᠯᠠᠯᠲᠠ ᠪᠠ ᠰᠠᠨᠠᠭᠤᠯᠤᠮᠵᠢ ᠶᠢ ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠡᠯᠰᠡᠭᠳᠡᠭᠰᠡᠨ ᠳ᠋ᠦᠩ ᠢ 8 ᠰᠠᠷ᠎ᠠ ᠶᠢᠨ 15 ᠤ ᠡᠳᠦᠷ ᠠᠴᠠ ᠰᠡᠭᠦᠯᠡᠷ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ  ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ  ᠳᠤ ᠭᠠᠷᠴᠤ ᠯᠠᠪᠯᠠᠵᠤ ᠦᠵᠡᠵᠦ  ᠪᠣᠯᠣᠨ᠎ᠠ᠃      ᠮᠤᠩᠭᠤᠯ ᠢᠶᠠᠷ ᠬᠢᠴᠢᠶᠡᠯᠯᠡᠬᠦ ᠰᠤᠷᠤᠭᠴᠢ ᠶᠢᠨ ᠳᠤᠬᠢᠷᠠᠭᠤᠯᠤᠯᠳᠠ᠄ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠰᠢᠨ᠎ᠡ ᠬᠤᠳᠠ ᠳᠤᠭᠤᠷᠢᠭ᠂ ᠬᠤᠳᠤᠩ ᠠᠷᠠᠳ ᠤᠨ ᠳᠤᠭᠤᠷᠢᠭ ᠤᠨ ᠬᠡᠦᠬᠡᠳ ᠢ ᠡᠯᠰᠡᠨ᠎ᠡ︔ ᠢᠦ᠋ᠢᠴᠢᠤᠸᠠᠨ ᠳᠤᠭᠤᠷᠢᠭ ᠤᠨ ᠦᠨᠳᠦᠰᠦᠳᠡᠨ ᠤ ᠳᠤᠷᠰᠢᠯᠳᠠ ᠶᠢᠨ ᠪᠠᠭ᠎ᠠ ᠰᠤᠷᠭᠠᠭᠤᠯᠢ ᠢᠦ᠋ᠢᠴᠢᠤᠸᠠᠨ ᠳᠤᠭᠤᠷᠢᠭ᠂ ᠵᠢᠨᠴᠤᠸᠠᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠡᠦᠬᠡᠳ ᠢ ᠡᠯᠰᠡᠨ᠎ᠡ︔ ᠬᠥᠬᠡᠬᠤᠲᠠ ᠶᠢᠨ ᠦᠨᠳᠦᠰᠦᠲᠡᠨ ᠤ ᠳᠤᠷᠰᠢᠯᠳᠠ ᠶᠢᠨ ᠰᠤᠷᠭᠠᠭᠤᠯᠢ ᠪᠠ ᠰᠠᠶᠢᠬᠠᠨ ᠲᠣᠭᠤᠷᠢᠭ ᠤᠨ ᠦᠨᠳᠦᠰᠦᠳᠡᠨ ᠤ ᠪᠠᠭ᠎ᠠ ᠰᠤᠷᠭᠠᠭᠤᠯᠢ ᠰᠠᠶᠢᠬᠠᠨ ᠲᠣᠭᠤᠷᠢᠭ ᠤᠨ ᠬᠡᠦᠬᠡᠳ ᠢ ᠡᠯᠰᠡᠨ᠎ᠡ᠃ ᠪᠤᠳᠠᠳᠠᠢ ᠳᠤᠬᠢᠷᠠᠭᠤᠯᠤᠯᠳᠠ ᠶᠢ ᠰᠠᠶᠢᠬᠠᠨ ᠳᠤᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠶᠢᠨ ︽2020 ᠣᠨ ᠤ ᠪᠠᠭ᠎ᠠ ᠰᠤᠷᠭᠠᠭᠤᠯᠢ ᠳᠤ ᠤᠷᠤᠬᠤ ᠨᠠᠷᠢᠨ ᠲᠦᠷᠢᠮ︾ ᠳᠤ ᠨᠢᠬᠡᠳᠦᠯᠳᠡᠢ ᠲᠣᠭᠲᠠᠭᠠᠨ᠎ᠠ᠃ ᠡᠯ᠎ᠡ ᠲᠣᠭᠤᠷᠢᠭ ᠤᠨ ᠬᠢᠨ ᠲᠤᠰ ᠲᠣᠭᠤᠷᠢᠭ ᠤᠨ ᠢᠶᠠᠨ ᠰᠤᠷᠭᠠᠭᠤᠯᠢ ᠶᠢᠨ ᠨᠠᠰᠤᠨ ᠤ ᠬᠡᠦᠬᠡᠳ ᠢ ᠣᠶᠢᠷ᠎ᠠ ᠬᠠᠪᠢ ᠳᠤᠨᠢ ᠡᠯᠰᠡᠭᠰᠡᠨ ᠤ ᠳᠠᠷᠠᠭ᠎ᠠ᠂ ᠰᠤᠷᠤᠭᠴᠢ ᠡᠯᠰᠡᠬᠦ ᠬᠡᠪᠴᠢᠶ᠎ᠡ ᠪᠠᠨ ᠦᠨᠳᠦᠰᠦᠯᠡᠵᠦ ᠭᠠᠳᠠᠨ᠎ᠠ ᠠᠴᠠ ᠢᠷᠡᠵᠦ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠤᠨ ᠦᠷ᠎ᠡ ᠬᠡᠦᠬᠡᠳ ᠢ ᠡᠯᠰᠡᠨ᠎ᠡ᠃ ᠥᠪᠥᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠶᠢᠨ ᠬᠠᠷᠢᠶᠠᠳᠤ ᠮᠤᠩᠭᠤᠯ ᠰᠤᠷᠭᠠᠭᠤᠯᠢ ᠪᠦᠬᠦ ᠬᠤᠳᠠ ᠶᠢᠨ ᠬᠡᠪᠴᠢᠶ᠎ᠡ ᠠᠴᠠ ᠰᠤᠷᠤᠭᠴᠢ ᠡᠯᠰᠡᠨ᠎ᠡ᠃ ᠲᠦᠪ ᠤᠨ ᠦᠨᠳᠦᠰᠦᠳᠡᠨ ᠤ ᠶᠡᠭᠡ  ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠬᠦᠬᠡᠬᠤᠳᠠ ᠶᠢᠨ ᠬᠤᠪᠢᠶᠠᠷᠢ ᠰᠤᠷᠭᠠᠭᠤᠯᠢ ᠶᠢᠨ ᠦᠨᠳᠦᠰᠦᠳᠡᠨ ᠤ ᠠᠩᠬᠢ ᠳᠤᠰ ᠬᠤᠳᠠ ᠶᠢᠨ ᠴᠦᠬᠡᠨ ᠳᠤᠭᠠᠳᠤ ᠦᠨᠳᠦᠰᠦᠳᠡᠨ ᠤ ᠰᠤᠷᠤᠭᠴᠢ ᠶᠢ ᠡᠯᠰᠡᠵᠦ ᠪᠣᠯᠣᠨ᠎ᠠ᠂ ᠨᠡᠷ᠎ᠡ ᠮᠡᠳᠡᠬᠦᠯᠦᠭᠰᠡᠨ ᠬᠦᠮᠦᠨ ᠤ ᠲᠤᠭ᠎ᠠ ᠨᠢ ᠲᠦᠯᠦᠪᠯᠡᠭᠡ ᠠᠴᠠ ᠬᠡᠳᠦᠷᠡᠪᠡᠯ ᠺᠤᠮᠫᠢᠦ᠋ᠲ᠋ᠧᠷ ᠢᠶᠠᠷ ᠰᠤᠩᠭᠤᠨ ᠲᠣᠬᠢᠷᠠᠭᠤᠯᠤᠨ᠎ᠠ᠃      ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠤᠭᠴᠢ ᠠᠩᠬ᠎ᠠ ᠳᠤᠮᠳᠠᠳᠤ ᠳᠤ ᠳᠠᠪᠰᠢᠬᠤ ᠳᠤ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠰᠢᠭᠤᠳ ᠳᠤᠰ ᠰᠤᠷᠭᠠᠭᠤᠯᠢ ᠶᠢᠨ ᠢᠶᠠᠨ ᠠᠩᠬ᠎ᠠ ᠳᠤᠮᠳᠠᠳᠤ ᠳᠤ ᠳᠡᠪᠰᠢᠨ᠎ᠡ︔ ᠬᠦᠬᠡᠬᠤᠳᠠ ᠶᠢᠨ ᠦᠨᠳᠦᠰᠦᠳᠡᠨ ᠤ  ᠳᠤᠷᠰᠢᠯᠳᠠ ᠶᠢᠨ ᠰᠤᠷᠭᠠᠭᠤᠯᠢ ᠶᠢᠨ ᠰᠤᠷᠤᠭᠴᠢ ᠰᠠᠶᠢᠬᠠᠨ ᠲᠣᠭᠤᠷᠢᠭ ᠤᠨ ᠡᠷᠦᠬᠡ ᠠᠮᠠ ᠶᠢᠨ ᠳᠠᠩᠰᠠ ᠨᠢ 3 ᠵᠢᠯ ᠪᠤᠯᠵᠤ᠂ ᠡᠵᠢ ᠠᠪᠤ ᠨᠢ ᠳᠤᠰ ᠬᠤᠳᠠ ᠳᠤ ᠳᠤᠭᠳᠠᠮᠠᠯ ᠰᠠᠭᠤᠷᠢᠰᠢᠯ ᠲᠠᠢ᠂ ᠳᠤᠭᠳᠠᠭᠰᠠᠨ ᠠᠵᠢᠯ ᠲᠠᠢ ᠪᠦᠬᠡᠳ ᠳᠤᠰ ᠰᠤᠷᠭᠠᠭᠤᠯᠢ ᠳᠤ 3 ᠵᠢᠯ ᠰᠤᠷᠤᠯᠴᠠᠭᠰᠠᠨ ᠰᠤᠷᠤᠭᠴᠢᠳ ᠬᠡᠷᠪᠡ ᠦᠪᠦᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠠᠴᠠ ᠬᠡᠲᠦᠷᠡᠭᠰᠡᠨ ᠪᠤᠯ ᠺᠤᠮᠫᠢᠦ᠋ᠲ᠋ᠧᠷ ᠢᠶᠠᠷ ᠤᠷᠤᠨ ᠪᠠᠶᠢᠷᠢ ᠳᠤᠭᠳᠠᠭᠠᠬᠤ ᠬᠡᠯᠪᠡᠷᠢ ᠪᠠᠷ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠮᠤᠩᠭᠤᠯ ᠰᠤᠷᠭᠠᠭᠤᠯᠢ᠂ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠳᠤ ᠡᠯᠰᠡᠨ᠎ᠡ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠠᠴᠠ ᠬᠡᠳᠦᠷᠡᠬᠦ ᠦᠬᠡᠢ ᠪᠤᠯ ᠰᠢᠭᠤᠳ ᠡᠯᠰᠡᠨ᠎ᠡ︔ ᠳᠡᠬᠡᠷᠡᠬᠢ ᠨᠦᠬᠦᠴᠡᠯ ᠳᠤ ᠨᠡᠶᠢᠴᠡᠬᠦ ᠦᠬᠡᠢ ᠰᠤᠷᠤᠭᠴᠢ ᠶᠢ ᠺᠤᠮᠫᠢᠦ᠋ᠲ᠋ᠧᠷ ᠢᠶᠠᠷ ᠤᠷᠤᠨ ᠪᠠᠶᠢᠷᠢ ᠳᠤᠭᠳᠠᠭᠠᠬᠤ ᠬᠡᠯᠪᠡᠷᠢ ᠪᠠᠷ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠪᠠ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠮᠤᠩᠭᠤᠯ ᠰᠤᠷᠭᠠᠭᠤᠯᠢ ᠳᠤ ᠡᠯᠰᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号