ᠶᠢᠨ ᠴᠦᠨ ᠯᠢᠶᠠᠩ ᠠᠯᠲᠠᠨ ᠭᠤᠷᠪᠠᠯᠵᠢᠨ ᠬᠤᠶᠢᠭ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-12
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠠᠯᠲᠠᠨ ᠭᠤᠷᠪᠠᠯᠵᠢᠨ ᠬᠤᠶᠢᠭ ᠤᠨ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃      ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠶᠢᠨ ᠴᠦᠨ ᠯᠢᠶᠠᠩ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ  ᠰᠡᠷᠭᠦᠭᠡᠵᠤ᠂ ᠰᠢᠨ᠎ᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠨ ᠯᠠᠪᠯᠠᠵᠠᠶ᠃      ᠲᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠢᠨ ᠴᠦᠨ ᠯᠢᠶᠠᠩ ᠴᠢᠩᠭᠠᠳᠬᠠᠭᠰᠠᠨ  ᠨᠢ᠄ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠠᠬᠢᠴᠠ ᠶᠢ ᠲᠦᠷᠭᠡᠳᠬᠡᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠠᠶᠢᠲᠤᠷ ᠡᠬᠢᠯᠡᠬᠦ ᠶᠢ ᠪᠠᠲᠤᠯᠠᠬᠤ ᠬᠡᠷᠡᠭᠲᠡᠢ︔ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠳ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠲᠦᠭᠦᠬᠡᠶ ᠮᠠᠲ᠋ᠧᠷᠢᠶᠠᠯ ᠤᠨ ᠲᠡᠭᠡᠭᠡᠪᠦᠷᠢ ᠵᠡᠷᠭᠡ ᠪᠣᠳᠠᠲᠠᠶ ᠠᠰᠠᠭᠤᠳᠠᠯ ᠢ  ᠰᠢᠳᠪᠦᠷᠢᠯᠡᠵᠤ ᠂ ᠡᠯ᠎ᠡ  ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠭᠯᠡᠯᠲᠦ ᠴᠢᠨᠠᠷᠲᠠᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠵᠦ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠳᠤᠭᠤᠯᠵᠤ᠂ ᠡᠷᠡᠭᠦᠯ ᠢᠶᠠᠷ ᠬᠥᠭᠵᠢᠭᠦᠯᠬᠦ ᠬᠡᠷᠡᠭᠲᠡᠶ︔ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠶᠢ ᠳᠣᠪᠤᠶᠢᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠥᠷᠥᠯ ᠵᠦᠢᠯ ᠤᠨ ᠦᠢᠯᠡᠴᠢᠯᠡᠭᠡ ᠵᠣᠬᠢᠴᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ︔ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠶᠡᠭᠡ ᠪᠠᠷ ᠲᠡᠮᠵᠢᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠬᠥᠭᠵᠢᠯᠲᠡ ᠶᠢᠨ ᠦᠷ᠎ᠡ ᠠᠰᠢᠭ ᠢ ᠨᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃ ︵ᠯᠢ ᠮᠧᠶ ᠵᠢᠶᠤᠤ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号