| | | ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 11 ᠤ ᠡᠳᠦᠷ᠂ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠣᠯᠯᠠᠨ ᠡᠷᠬᠢᠯᠡᠭᠰᠡᠨ ︽ ︿5.12﹀ ᠤ ᠣᠯᠠᠨ ᠤᠯᠤᠰ ᠤᠨ | ᠰᠤᠪᠢᠯᠠᠭᠴᠢ ᠶᠢᠨ ᠪᠠᠶᠠᠷ —ᠰᠤᠪᠢᠯᠠᠭᠴᠢᠳ ᠲᠤ ᠬᠦᠨᠳᠦᠳᠬᠡᠯ ᠳᠡᠪᠰᠢᠭᠦᠯᠦᠨ᠂ ᠭᠠᠷ ᠬᠤᠯᠪᠣᠨ ᠬᠢᠵᠢᠭ ᠤᠨ | ᠪᠠᠶᠢᠳᠠᠯ ᠢ ᠢᠯᠠᠶ᠎ᠠ︾ ᠠᠵᠢᠯᠯᠠᠭ᠎ᠠ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ | ᠡᠨᠡ ᠤᠳᠠᠭ᠎ᠠ ᠶᠢᠨ ᠠᠵᠢᠯᠯᠠᠭ᠎ᠠ ᠨᠢ ᠨᠠᠶᠢᠳᠢᠩᠭᠡᠶᠢᠯᠢ ᠶᠢᠨ ᠠᠶᠤᠯ ᠲᠦᠭᠰᠢᠭᠦᠷᠢ ᠠᠴᠠ ᠠᠶᠤᠬᠤ ᠥᠬᠡᠶ᠂ ᠳᠤᠷᠠᠲᠠᠶ᠎ᠠ | ᠬᠤᠪᠢ ᠨᠡᠮᠡᠷᠢ ᠦᠵᠡᠭᠦᠯᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠵᠣᠷᠢᠭᠲᠠᠶ ᠪᠠᠷ ᠠᠮᠢ | ᠪᠡᠶ᠎ᠡ ᠪᠠᠨ ᠵᠣᠷᠢᠭᠤᠯᠬᠤ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠰᠠᠨᠠᠭᠠᠴᠢᠯᠠᠨ᠂ ᠵᠠᠯᠭᠠᠮᠵᠢᠯᠠᠨ | ᠪᠠᠳᠠᠷᠠᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠡᠨᠡ ᠵᠢᠯ ᠤᠨ 5 ᠰᠠᠷ᠎ᠠ ᠶᠢᠨ 12 ᠤ ᠣᠯᠠᠨ ᠤᠯᠤᠰ ᠤᠨ | ᠰᠤᠪᠢᠯᠠᠭᠴᠢ ᠶᠢᠨ ᠪᠠᠶᠠᠷ ᠲᠤ ᠮᠠᠨ ᠤ ᠤᠯᠤᠰ ︽ᠰᠤᠪᠢᠯᠠᠭᠴᠢᠳ ᠲᠤ ᠬᠦᠨᠳᠦᠳᠬᠡᠯ ᠳᠡᠪᠰᠢᠭᠦᠯᠦᠨ᠂ ᠭᠠᠷ ᠬᠤᠯᠪᠣᠨ | ᠬᠢᠵᠢᠭ ᠤᠨ ᠪᠠᠶᠢᠳᠠᠯ ᠢ ᠢᠯᠠᠶ᠎ᠠ︾ ᠪᠠᠷ ᠭᠤᠣᠯ ᠰᠡᠳᠦᠪ ᠢᠶᠠᠨ ᠪᠣᠯᠭᠠᠵᠠᠢ ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠮᠠᠨ ᠤ ᠬᠤᠲᠠ ᠶᠢᠨ ᠥᠷᠭᠡᠨ ᠣᠯᠠᠨ ᠡᠮᠴᠢ | ᠰᠤᠪᠢᠯᠠᠭᠴᠢᠳ ᠨᠠᠮ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠴᠠᠭᠠᠨ ᠬᠤᠪᠴᠠᠰᠤ ᠪᠠᠷ ᠢᠶᠠᠨ | ᠬᠤᠶᠠᠭᠯᠠᠨ ᠳᠠᠶᠢᠨ ᠳᠤ ᠰᠥᠷᠥᠨ ᠮᠣᠷᠳᠠᠵᠤ᠂ ᠡᠷᠡᠯᠬᠡᠭ ᠪᠠᠭᠠᠲᠤᠷᠯᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠪᠠ᠃ ᠮᠠᠨ ᠤ ᠬᠤᠲᠠ ᠠᠴᠠ ᠲᠣᠮᠢᠯᠠᠭᠰᠠᠨ ᠬᠤᠪᠧᠢ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡ ᠶᠢᠨ ᠠᠪᠤᠷᠠᠨ ᠵᠠᠰᠠᠬᠤ ᠠᠵᠢᠯ ᠢ | ᠲᠤᠰᠠᠯᠠᠭᠰᠠᠨ 4 ᠪᠦᠯᠦᠭ ᠨᠡᠶᠢᠲᠡ 80 ᠡᠮᠴᠢ ᠰᠤᠪᠢᠯᠠᠭᠴᠢ ᠦᠬᠠᠨ ᠵᠢᠩᠮᠧᠨ ᠳᠤ 50 ᠭᠠᠷᠤᠶ ᠡᠳᠦᠷ ᠰᠥᠨᠢ | ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠡᠨ᠂ ᠡᠷᠡᠯᠬᠡᠭᠯᠡᠨ ᠲᠡᠮᠡᠴᠡᠵᠦ ᠬᠠᠷᠠᠮ ᠦᠭᠡᠢ ᠵᠤᠷᠢᠭᠤᠯᠤᠨ᠂ ᠨᠠᠮ ᠤᠨ | ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠬᠢᠮ ᠳᠡᠭᠡᠳᠦ | ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ᠂ ᠰᠠᠶᠢᠨ ᠰᠠᠶᠢᠬᠠᠨ ᠤᠶᠤᠨ ᠰᠠᠨᠠᠭᠠᠨ ᠤ ᠲᠥᠷᠬᠦ ᠪᠠᠶᠢᠳᠠᠯ ᠪᠠ | ᠪᠣᠯᠪᠠᠰᠤᠷᠠᠩᠭᠤᠢ ᠡᠮ ᠡᠮᠨᠡᠯᠭᠡ ᠶᠢᠨ ᠮᠡᠷᠭᠡᠵᠢᠯ ᠢᠶᠠᠷ ᠠᠪᠤᠷᠠᠨ ᠵᠠᠰᠠᠬᠤ ᠡᠭᠦᠷᠭᠡ ᠪᠠᠨ ᠲᠡᠭᠦᠰ ᠠᠮᠵᠢᠯᠳᠠᠳᠠᠢ | ᠪᠡᠶᠡᠯᠡᠭᠦᠯᠵᠦ᠂ ᠦᠬᠠᠨ ᠢ ᠬᠠᠮᠠᠭᠠᠯᠠᠬᠤ ᠳᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ | ᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠡᠳ᠋ᠨ ᠪᠣᠯ ᠰᠢᠨ᠎ᠡ ᠴᠠᠭ ᠦᠶ᠎ᠡ ᠶᠢᠨ ᠬᠠᠮᠤᠭ ᠤᠨ | ᠬᠠᠶᠢᠷᠠᠯᠠᠯᠲᠠᠶ ᠬᠦᠮᠦᠰ ᠪᠣᠯᠣᠨ᠎ᠠ᠃ | ᠠᠵᠢᠯᠯᠠᠭ᠎ᠠ ᠳᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠮᠠᠨ ᠤ ᠬᠤᠲᠠ ᠶᠢᠨ ᠡᠮᠴᠢᠯᠡᠭᠡᠨ ᠤ | ᠠᠵᠢᠯᠲᠠᠳ ᠲᠤ ᠲᠤᠬᠤᠨᠢᠭᠤᠯᠭ᠎ᠠ ᠶᠢᠨ ᠪᠤᠳᠠᠰ ᠬᠦᠷᠭᠡᠪᠡ᠃ |