ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ | ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ | ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ | 2020 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ | ᠬᠤᠲᠠ ᠶᠢᠨ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠪᠠᠶᠢᠳᠠᠯ ᠵᠢᠴᠢ ᠤᠯᠤᠰ ᠤᠨ ᠪᠠ ᠥᠪᠡᠷᠲᠡᠭᠡᠨ | ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠤᠴᠢᠷ | ᠶᠠᠪᠤᠳᠠᠯ ᠢ ᠰᠤᠳᠤᠯᠵᠤ᠂ ︽ᠬᠥᠬᠡᠬᠤᠲᠠ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠮᠢᠶᠠᠷᠤᠯᠲᠠ ᠶᠢᠨ ᠪᠠᠶᠢᠭᠤᠯᠤᠯ ᠳᠤ ᠲᠣᠬᠢᠷᠠᠭᠤᠯᠤᠯᠲᠠ ᠬᠢᠬᠦ ᠠᠵᠢᠯ ᠤᠨ ᠬᠡᠷᠡᠭᠵᠢᠭᠦᠯᠬᠦ ᠲᠥᠰᠥᠯ︾ ︽ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠬᠦ ᠪᠠᠷ ᠪᠠᠶᠢᠭ᠎ᠠ ᠨᠢᠭᠡᠳᠦᠭᠡᠷ ᠪᠦᠯᠦᠭ ᠬᠤᠲᠠ ᠶᠢᠨ | ᠲᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ︾ ︽ | ᠬᠤᠲᠠ ᠶᠢᠨ ᠵᠠᠰᠠᠭ ᠤᠨ ᠣᠷᠳᠣᠨ ᠪᠣᠯᠣᠨ ᠤᠯᠤᠰ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ | ᠥᠪᠥᠷ ᠮᠣᠩᠭᠤᠯ ᠤᠨ ᠡᠨᠧᠷᠭᠢ ᠶᠢᠨ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ | ᠵᠥᠪᠳᠡᠯᠴᠡᠭᠡᠷ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠠᠭᠠᠷ ᠤᠨ ᠠᠶᠠᠯᠠᠯ ᠤᠨ ᠦᠢᠯᠡᠰ ᠪᠣᠯ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠣᠷᠣᠨ ᠨᠤᠲᠤᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠣᠯᠠᠭᠤᠯᠵᠤ ᠪᠣᠯᠣᠰᠢ ᠦᠭᠡᠢ ᠴᠢᠬᠤᠯᠠ ᠦᠢᠯᠡᠳᠦᠯ ᠦᠵᠡᠭᠦᠯᠵᠦ᠂ | ᠮᠠᠨ ᠤ ᠬᠤᠲᠠ ᠶᠢᠨ ᠠᠷᠠᠳ ᠤᠨ ᠠᠭᠠᠷ ᠤᠨ ᠠᠶᠠᠯᠠᠯ ᠤᠨ ᠲᠥᠷᠥᠯ ᠵᠦᠢᠯ ᠢ ᠤᠯᠤᠰ ᠤᠨ ᠪᠤᠶᠤ ᠥᠪᠡᠷᠲᠡᠭᠡᠨ | ᠵᠠᠰᠠᠬᠤ ᠣᠷᠣᠨ ᠤ ᠲᠥᠯᠥᠪᠵᠢᠭᠦᠯᠭᠡ ᠳᠤ ᠴᠢᠷᠮᠠᠶᠢᠨ ᠣᠷᠣᠭᠤᠯᠵᠤ᠂ ᠤᠯᠤᠰ ᠤᠨ ᠪᠤᠶᠤ ᠥᠪᠡᠷᠲᠡᠭᠡᠨ ᠵᠠᠰᠠᠬᠤ | ᠣᠷᠣᠨ ᠤ ᠳᠡᠮᠵᠢᠯᠭᠡ ᠶᠢ ᠣᠯᠬᠤ ᠨᠢ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠠ | ᠲᠦᠷᠭᠡᠳᠬᠡᠬᠦ ᠳᠤ ᠮᠠᠰᠢ ᠴᠢᠬᠤᠯᠠ ᠶᠤᠮ ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ᠤᠷᠢᠳᠴᠢᠯᠠᠨ ᠦᠢᠯᠡᠴᠢᠯᠡᠵᠦ᠂ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠪᠠ ᠴᠢᠩ ᠱᠦᠢ ᠾᠧ ᠰᠢᠶᠠᠨ ᠤ ᠯᠤᠤ ᠨᠢᠦ ᠸᠠᠨ᠂ ᠲᠦᠮᠡᠳ ᠵᠡᠭᠦᠨ ᠬᠤᠰᠢᠭᠤᠨ ᠤ ᠴᠡᠯᠡᠭᠡᠷ ᠲᠠᠯ᠎ᠠ ᠶᠢᠨ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠠᠷᠠᠳ ᠤᠨ ᠠᠭᠠᠷ ᠤᠨ ᠠᠶᠠᠯᠠᠯ ᠤᠨ ᠲᠥᠷᠥᠯ ᠵᠦᠢᠯ ᠢ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ | ᠬᠠᠮᠢᠶᠠᠷᠤᠯᠲᠠ ᠶᠢᠨ ᠪᠠᠶᠢᠭᠤᠯᠤᠯ ᠳᠤ ᠲᠣᠬᠢᠷᠠᠭᠤᠯᠤᠯᠲᠠ ᠬᠢᠬᠦ ᠨᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠯ ᠢ | ᠰᠢᠯᠤᠭᠤᠳᠬᠠᠵᠤ᠂ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠪᠠ ᠥᠭᠡᠷᠡᠴᠢᠯᠡᠨ ᠰᠠᠶᠢᠵᠢᠷᠠᠭᠤᠯᠬᠤ ᠳᠤ ᠣᠨᠴᠠᠭᠠᠶᠢᠯᠠᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠤᠯᠤᠰ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠱᠠᠭᠠᠷᠳᠠᠯᠭ᠎ᠠ | ᠶᠣᠰᠣᠭᠠᠷ᠂ ᠮᠠᠨ ᠤ ᠬᠤᠲᠠ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ | ᠪᠠᠶᠢᠭᠤᠯᠤᠯ ᠳᠤ ᠲᠣᠬᠢᠷᠠᠭᠤᠯᠤᠯᠲᠠ ᠬᠢᠬᠦ ᠠᠵᠢᠯ ᠪᠣᠯ ᠲᠣᠭᠲᠠᠭᠰᠠᠨ ᠴᠠᠭ ᠤᠨ ᠳᠣᠲᠣᠷ᠎ᠠ ᠵᠠᠪᠠᠯ ᠪᠡᠶᠡᠯᠡᠭᠦᠯᠬᠦ | ᠤᠯᠤᠰ ᠲᠥᠷᠥ ᠶᠢᠨ ᠡᠭᠦᠷᠭᠡ ᠮᠥᠨ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠠᠷᠤᠢ | ᠲᠦᠷᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠨ᠂ ᠪᠣᠳᠠᠲᠠᠶᠢᠵᠢᠭᠤᠯᠬᠤ ᠶᠢ ᠲᠡᠷᠡ ᠶᠤᠰᠤᠭᠠᠷ | ᠨᠢ ᠰᠠᠶᠢᠳᠤᠷ ᠠᠳᠬᠤᠵᠤ᠂ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠯ ᠳᠤ | ᠲᠣᠬᠢᠷᠠᠭᠤᠯᠤᠯᠲᠠ ᠬᠢᠬᠦ ᠡᠭᠦᠷᠭᠡ ᠶᠢ ᠥᠨᠳᠥᠷ ᠪᠦᠲᠦᠮᠵᠢᠲᠡᠢ ᠤᠷᠤᠭᠰᠢᠲᠠᠢ ᠬᠢᠬᠦ ᠬᠡᠷᠡᠭᠲᠡᠢ ᠭᠡᠪᠡ᠃ | ᠬᠤᠷᠠᠯ ᠠᠴᠠ ᠪᠠᠰᠠ 2020 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ | ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ︽ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠨᠡᠶᠢᠲᠡᠯᠡᠬᠦ ᠪᠠᠷ ᠪᠠᠶᠢᠭ᠎ᠠ ᠨᠢᠭᠡᠳᠦᠭᠡᠷ ᠪᠦᠯᠦᠭ ᠬᠤᠲᠠ ᠶᠢᠨ ᠲᠡᠰ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ︾ ︽ᠬᠤᠲᠠ ᠶᠢᠨ ᠵᠠᠰᠠᠭ ᠤᠨ ᠣᠷᠳᠣᠨ ᠪᠣᠯᠣᠨ | ᠤᠯᠤᠰ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ | ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ︾ ᠢ ᠬᠢᠨᠠᠨ ᠵᠥᠪᠯᠡᠵᠦ | ᠵᠠᠷᠴᠢᠮ ᠳᠡᠭᠡᠷ᠎ᠡ ᠪᠠᠨ ᠪᠠᠲᠤᠯᠠᠵᠠᠢ᠃ | ᠬᠤᠷᠠᠯ ᠳᠡᠭᠡᠷ᠎ᠡ ᠪᠠᠰᠠ ᠪᠤᠰᠤᠳ ᠵᠦᠢᠯᠡᠰ ᠢ ᠰᠤᠳᠤᠯᠪᠠ᠃ | ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠸᠧᠨ ᠢᠦᠢ᠂ ᠪᠢ ᠭᠥᠸᠧ ᠴᠧᠨ᠂ ᠶᠦᠨ ᠰᠢᠨ ᠮᠢᠩ᠂ | ᠹᠦ᠋ ᠪᠢᠨ᠂ ᠴᠢᠶᠥᠥ ᠶᠦᠨ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ | ᠳ᠋ᠦᠩ ᠬᠤᠷᠠᠯ ᠳᠤ ᠣᠷᠣᠯᠴᠠᠪᠠ᠃ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | |