ᠪᠡᠶ᠎ᠡ ᠶᠢᠨ ᠲᠠᠮᠢᠷ ᠤᠯᠤᠰ ᠤᠨ ᠨᠢᠬᠡᠳᠤᠯᠳᠠᠢ ᠰᠢᠯᠭᠠᠯᠲᠠ ᠶᠢᠨ ᠬᠢᠴᠢᠶᠡᠯ ᠲᠦᠷᠦᠯ ᠳᠤ ᠣᠷᠣᠯ᠎ᠠ
ᠨᠡᠶᠢᠲᠡᠯᠡᠭᠰᠡᠨ ᠴᠠᠭ᠄
2020-05-12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠪᠤᠤ ᠥᠷᠭᠡᠨ︶ ᠥᠪᠡᠷᠳᠡᠭᠡᠨ ᠵᠠᠰᠬᠠᠤ ᠤᠷᠤᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠭᠠᠭᠰᠠᠨ ᠢᠶᠠᠷ᠂ ᠣᠶᠢᠷ᠎ᠠ ᠳᠤ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠵᠡᠷᠭᠡ ᠪᠥᠬᠦ ᠤᠯᠤᠰ ᠤᠨ ᠰᠠᠭᠤᠷᠢ ᠰᠢᠨᠵᠢᠯᠡᠭᠡᠨ ᠢ ᠴᠢᠩᠭᠠᠳᠬᠠᠬᠤ ᠲᠥᠯᠥᠪᠯᠡᠭᠡ ᠶᠢᠨ 36 ᠶᠡᠭᠡ ᠰᠤᠷᠭᠠᠭᠤᠯᠢ ᠶᠢᠨ 2020 ᠣᠨ ᠤ ᠰᠣᠷᠣᠭᠴᠢ ᠡᠯᠰᠡᠬᠦ ᠲᠦᠷᠢᠮ ᠢ ᠵᠠᠯᠭᠠᠭ᠎ᠠ ᠪᠠᠷ ᠨᠡᠶᠢᠲᠡᠯᠡᠵᠦ᠂ ᠪᠡᠶ᠎ᠡ ᠶᠢᠨ ᠲᠠᠮᠢᠷ ᠨᠢ ᠵᠠᠪᠠᠯ ᠰᠢᠯᠭᠠᠬᠤ ᠬᠢᠴᠢᠶᠡᠯ ᠲᠦᠷᠦᠯ ᠪᠣᠯᠵᠣ᠂ ᠠᠳᠠᠯᠢᠬᠠᠨ ᠨᠥᠬᠦᠴᠡᠯ ᠳᠣᠣᠷ᠎ᠠ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠰᠢᠯᠢᠳᠡᠭ ᠰᠤᠷᠤᠬᠴᠢ ᠶᠢ ᠤᠷᠢᠳ ᠢᠶᠠᠷ ᠡᠯᠰᠡᠨ᠎ᠡ ᠬᠡᠵᠥ ᠲᠤᠳᠤᠷᠬᠠᠢ ᠲᠤᠬᠳᠠᠭᠠᠬᠰᠠᠨ ᠪᠠᠶᠢᠨ᠎ᠠ᠃      2020 ᠣᠨ ᠤ 1 ᠰᠠᠷ᠎ᠠ ᠳᠤ ᠰᠤᠷᠭᠠᠨ ᠬᠥᠮᠦᠵᠢᠯ ᠤᠨ ᠶᠠᠮᠤᠨ ︽ᠬᠡᠰᠡᠭ ᠶᠡᠭᠡ ᠳᠡᠭᠡᠳᠦ ᠰᠤᠷᠭᠠᠭᠤᠯᠢ ᠳᠤ ᠰᠠᠭᠤᠷᠢ ᠰᠢᠨᠵᠢᠯᠡᠭᠡᠨ ᠤ ᠰᠣᠷᠣᠭᠴᠢ ᠡᠯᠰᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠰᠠᠨᠠᠯ︾ ᠢ ᠨᠡᠶᠢᠲᠡᠯᠡᠵᠠᠢ᠃ ᠲᠤᠰ ︽ᠰᠠᠨᠠᠯ︾ ᠳᠤ ᠢᠯᠡᠷᠬᠡᠶᠢᠯᠡᠭᠰᠡᠨ ᠢᠶᠠᠷ᠂ 2020 ᠣᠨ ᠠᠴᠠ ᠡᠬᠢᠯᠡᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠳᠠᠭᠠᠭᠠᠵᠤ ᠰᠣᠷᠣᠭᠴᠢ ᠡᠯᠰᠡᠬᠦ ᠠᠵᠢᠯ ᠢ ᠬᠦᠴᠦᠨ ᠥᠬᠡᠶ ᠪᠣᠯᠭᠠᠵᠤ᠂ ᠬᠡᠰᠡᠭ ᠶᠡᠭᠡ ᠳᠡᠭᠡᠳᠦ ᠰᠤᠷᠭᠠᠭᠤᠯᠢ ᠳᠤ ᠰᠠᠭᠤᠷᠢ ᠰᠢᠨᠵᠢᠯᠡᠭᠡᠨ ᠤ ᠰᠠᠯᠭ᠎ᠠ ᠶᠢᠨ ᠰᠣᠷᠣᠭᠴᠢ ᠡᠯᠰᠡᠬᠦ  ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ︵ᠪᠠᠰᠠ ᠰᠠᠭᠤᠷᠢ ᠰᠢᠨᠵᠢᠯᠡᠭᠡᠨ ᠢ ᠴᠢᠩᠭᠠᠳᠬᠠᠬᠤ ᠲᠥᠯᠥᠪᠯᠡᠭᠡ ᠭᠡᠳᠡᠭ︶ ᠢ ᠥᠷᠨᠢᠭᠦᠯᠦᠨ᠎ᠡ ᠬᠡᠵᠡᠢ᠃ ᠭᠡᠷᠡᠭᠵᠢᠬᠦᠯᠬᠦ ᠠᠩᠬᠠᠨ ᠤ ᠱᠠᠲᠤᠨ ᠳᠤ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠵᠡᠷᠭᠡ 36 ︽ᠲᠡᠷᠢᠭᠦᠨ ᠵᠡᠷᠭᠡ ᠶᠢᠨ ᠶᠡᠭᠡ ᠰᠤᠷᠭᠠᠭᠤᠯᠢ︾ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠬᠡᠪᠴᠢᠶᠡᠨ ᠳᠤ ᠰᠤᠩᠭᠤᠯᠳᠠ ᠬᠢᠵᠥ  ‍ᠤᠷᠰᠢᠯᠳᠠ ᠶᠢᠨ ᠴᠡᠭ ᠭᠠᠷᠭᠠᠨ ᠭᠡᠷᠡᠭᠵᠢᠬᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号