ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ ᠢ ᠪᠠᠶᠢᠭᠤᠯᠤᠨ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ
ᠨᠡᠶᠢᠲᠡᠯᠡᠭᠰᠡᠨ ᠴᠠᠭ᠄
2020/5/12
ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ᠂ ᠠᠵᠤ ᠠᠬᠤᠢ ᠠᠷᠠᠯᠵᠢᠶ᠎ᠠ ᠶᠢᠨ ᠰᠠᠯᠠᠭ᠎ᠠ ᠶᠢᠨ ᠳᠠᠷᠤᠭ᠎ᠠ ᠯᠢᠦ ᠰᠢᠤᠸᠠᠢ ᠯᠢᠶᠠᠨ      1. ᠬᠠᠮᠢᠶᠠᠷᠤᠭᠴᠢ᠄      ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ  ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃      2. ᠬᠥᠲᠥᠯᠥᠭᠴᠢ᠄      ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠢ ᠪᠠᠲᠤᠯᠠᠬᠤ ᠪᠣᠯ ᠬᠡᠵᠢᠶ᠎ᠡ ᠴᠦ ᠭᠡᠰᠡᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠠᠮᠤᠭ ᠤᠨ ᠴᠢᠬᠤᠯᠠ ᠤᠴᠢᠷ ᠪᠣᠯᠣᠨ᠎ᠠ᠃ ᠳᠤᠮᠳᠠᠳᠤ ᠶᠢᠨ ᠬᠥᠮᠥᠨ ᠪᠤᠳᠠᠭᠠᠨ ᠠᠶᠠᠭ᠎ᠠ ᠪᠠᠨ ᠶᠠᠮᠠᠷᠪᠠ ᠴᠠᠭ ᠲᠤ ᠴᠦ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠬᠡᠷᠡᠭᠲᠡᠢ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠᠴᠢᠯᠠᠭᠰᠠᠨ ᠪᠢᠯᠡ ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠳᠣᠷᠬᠠᠢ ᠱᠠᠭᠠᠷᠳᠠᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ ᠳᠤ᠂ ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠵᠠᠪᠠᠯ ᠪᠠᠲᠤᠯᠠᠨ᠂ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠶᠢ ᠪᠠᠲᠤᠯᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠲᠣᠭᠲᠠᠭᠤᠨ ᠪᠠᠶᠢᠯᠭᠠᠬᠤ ᠬᠡᠷᠡᠭᠲᠡᠢ ᠭᠡᠵᠡᠢ᠃ ᠣᠷᠴᠢᠮ ᠤᠨ ᠵᠢᠯ ᠤᠳ ᠲᠤ᠂ ᠮᠠᠨ ᠤ ᠤᠯᠤᠰ ᠤᠨ ᠪᠦᠬᠦ ᠵᠢᠯ ᠤᠨ ᠠᠮᠤ ᠪᠤᠳᠠᠭᠠᠨ ᠤ ᠬᠠᠩᠭᠠᠯᠭ᠎ᠠ ᠬᠠᠩᠭᠠᠯᠲᠠᠲᠠᠢ ᠪᠠᠶᠢᠵᠤ᠂ ᠠᠮᠤ ᠪᠤᠳᠠᠭᠠᠨ ᠤ ᠭᠤᠣᠯ ᠵᠥᠷᠢᠴᠡᠯ ᠤᠤᠯ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠭᠰᠠᠨ ᠠᠴᠠ ᠪᠠᠨ ᠪᠦᠲᠦᠴᠡ ᠶᠢᠨ ᠴᠢᠨᠠᠷᠲᠠᠢ ᠵᠥᠷᠢᠴᠡᠯ ᠪᠣᠯᠣᠨ ᠬᠤᠪᠢᠷᠠᠵᠤ᠂ ᠠᠮᠤ ᠪᠤᠳᠠᠭᠠᠨ ᠤ ᠭᠦᠢᠯᠭᠡᠭᠡ ᠶᠢᠨ ᠬᠦᠷᠢᠶᠡᠨ ᠤ ᠰᠠᠶᠢᠨ ᠴᠢᠨᠠᠷ ᠤᠨ ᠪᠦᠲᠦᠭᠡᠭᠳᠡᠬᠦᠨ ᠤ ᠬᠠᠩᠭᠠᠯᠭ᠎ᠠ᠂ ᠶᠠᠰᠤ ᠴᠢᠨᠠᠷ ᠤᠨ ᠪᠠᠶᠢᠴᠠᠭᠠᠯᠲᠠ᠂ ᠶᠠᠰᠤ ᠴᠢᠨᠠᠷ ᠤᠨ ᠪᠠᠲᠤᠯᠠᠭ᠎ᠠ ᠵᠡᠷᠭᠡ ᠲᠠᠯ᠎ᠠ ᠪᠠᠷ ᠨᠡᠯᠢᠶᠡᠳ ᠣᠯᠠᠨ ᠠᠰᠠᠭᠤᠳᠠᠯ ᠣᠷᠣᠰᠢᠵᠤ ᠪᠠᠶᠢᠨ᠎ᠠ᠃ 2017 ᠣᠨ ᠳᠤ᠂ ᠮᠠᠨ ᠤ ᠤᠯᠤᠰ ᠭᠦᠢᠯᠭᠡᠭᠡ ᠶᠢᠨ ᠬᠦᠷᠢᠶᠡᠨ ᠳᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠪᠡ᠃ 2019 ᠣᠨ ᠳᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠲᠣᠪᠴᠢᠶ᠎ᠠ ᠬᠠᠮᠲᠤᠷᠠᠨ ᠰᠠᠨᠠᠯ ᠨᠡᠶᠢᠲᠡᠯᠡᠵᠦ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠶᠢᠷᠢᠯᠠᠭᠤᠯᠤᠨ᠂ ᠲᠠᠷᠢᠶᠠᠴᠢᠳ ᠲᠤ ᠠᠰᠢᠭ ᠲᠠᠢ ᠲᠤᠰᠠ ᠲᠠᠢ ᠰᠠᠶᠢᠨ ᠶᠠᠪᠤᠳᠠᠯ ᠢ ᠰᠠᠶᠢᠨ ᠬᠢᠬᠦ ᠶᠢ ᠪᠠᠲᠤᠯᠠᠪᠠ᠃ ᠡᠨᠡ ᠡᠳᠦᠷ ᠤᠨ ᠰᠤᠷᠪᠤᠯᠵᠢᠯᠠᠭ᠎ᠠ ᠳᠤ ᠪᠢᠳᠠᠨ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ ᠢ ᠪᠠᠶᠢᠭᠤᠯᠤᠨ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ︾ ᠰᠡᠳᠦᠪ ᠢᠶᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠵᠣᠯᠭᠠᠬᠤ ᠪᠣᠯᠣᠯ᠎ᠠ᠃      3. ᠬᠥᠲᠥᠯᠥᠭᠴᠢ᠄      ᠶᠠᠭᠤᠨ ᠤ ᠤᠷᠢᠳ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠦᠨᠳᠦᠰᠦᠨ ᠪᠠᠶᠢᠳᠠᠯ ᠠᠴᠠ ᠲᠠᠨᠢᠯᠴᠠᠭᠤᠯᠵᠤ ᠥᠭᠭᠦᠨ᠎ᠡ ᠦᠦ︖      4. ᠯᠢ ᠵᠢᠩ ᠰᠢᠶᠠᠨ᠄      ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠨᠢ ︽ᠲᠠᠷᠢᠶᠠᠴᠢᠳ ᠲᠤ ᠠᠰᠢᠭ ᠣᠯᠭᠤᠵᠤ᠂ ᠬᠡᠷᠡᠭᠯᠡᠭᠴᠢᠳ ᠲᠤ ᠪᠤᠶᠠᠨ ᠦᠢᠯᠡᠳᠬᠦ︾᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠯᠤᠰ ᠤᠨ ᠠᠮᠤ ᠪᠤᠳᠠᠭᠠᠨ ᠤ ᠠᠶᠤᠯᠭᠦᠢ ᠪᠠᠷ ᠬᠠᠷᠠᠯᠲᠠ ᠪᠠᠨ ᠪᠣᠯᠭᠠᠭᠰᠠᠨ ᠶᠤᠮ᠃ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠢᠳᠡᠰᠢᠨ ᠲᠣᠰᠣ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠳᠠᠮᠵᠢᠨ᠂ ᠠᠮᠤ ᠪᠤᠳᠠᠭᠠᠨ ᠤ ᠬᠤᠷᠢᠶᠠᠯᠲᠠ ᠶᠢᠨ ᠰᠠᠶᠢᠨ ᠴᠢᠨᠠᠷ ᠤᠨ ᠨᠣᠷᠮ᠎ᠠ ᠶᠢ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠬᠦᠨ ᠤ ᠰᠠᠶᠢᠨ ᠴᠢᠨᠠᠷ ᠤᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠳᠤ ᠠᠬᠢᠭᠤᠯᠬᠤ ᠦᠢᠯᠡᠳᠦᠯ ᠲᠠᠢ ᠶᠤᠮ᠃      ᠦᠨᠡᠨ ᠳᠡᠭᠡᠨ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠨᠢ ᠭᠤᠣᠯᠳᠠᠭᠤ ᠳᠣᠣᠷᠠᠬᠢ ᠭᠤᠷᠪᠠ ᠰᠢᠯᠲᠠᠭᠠᠨ ᠳᠤ ᠰᠠᠭᠤᠷᠢᠯᠠᠭᠰᠠᠨ ᠶᠤᠮ᠄      ᠨᠢᠭᠡ ᠳᠤ᠂ ᠰᠠᠶᠢᠨ ᠴᠢᠨᠠᠷ ᠤᠨ ᠲᠥᠷᠥᠯ ᠵᠦᠢᠯ ᠤᠨ ᠬᠠᠩᠭᠠᠯᠭ᠎ᠠ ᠬᠦᠷᠦᠯᠴᠡᠬᠦ ᠦᠭᠡᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠢᠳᠡᠰᠢᠨ ᠲᠣᠰᠣᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠬᠦᠴᠢᠷᠲᠡᠢ᠃ ᠬᠤᠶᠠᠷ ᠲᠤ᠂ ᠠᠮᠤ ᠪᠤᠳᠠᠭᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠢᠰᠲ᠋ᠧᠮᠵᠢ ᠪᠠᠰᠠ ᠲᠡᠶᠢᠮᠦ ᠰᠠᠶᠢᠨ ᠲᠡᠭᠦᠯᠳᠡᠷᠵᠢᠭᠡᠳᠦᠢ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠶᠠᠰᠤ ᠴᠢᠨᠠᠷ ᠤᠨ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮ ᠪᠠᠰᠠ ᠰᠠᠶᠢᠨ ᠪᠦᠷᠢᠯᠳᠦᠭᠡᠳᠦᠢ᠃ ᠭᠤᠷᠪᠠ ᠳᠤ᠂ ᠲᠠᠷᠢᠶᠠᠴᠢᠨ ᠡᠷᠦᠬᠡ ᠶᠢᠨ ᠲᠠᠷᠢᠶ᠎ᠠ ᠪᠠᠨ ᠬᠤᠷᠢᠶᠠᠭᠰᠠᠨ ᠤ ᠳᠠᠷᠠᠭ᠎ᠠ ᠴᠢᠨᠠᠷ ᠴᠢᠨᠰᠠᠭ᠎ᠠ ᠶᠢ ᠪᠠᠲᠤᠯᠠᠬᠤ ᠴᠢᠳᠠᠪᠤᠷᠢ ᠨᠡᠯᠢᠶᠡᠳ ᠳᠣᠷᠣᠢ᠂ ᠲᠠᠷᠢᠶ᠎ᠠ ᠪᠠᠨ ᠬᠤᠷᠢᠶᠠᠭᠰᠠᠨ ᠤ ᠳᠠᠷᠠᠭᠠᠬᠢ ᠨᠡᠶᠢᠭᠡᠮ ᠤᠨ ᠦᠢᠯᠡᠴᠢᠯᠡᠭᠡ ᠲᠤᠶᠢᠯ ᠤᠨ ᠬᠦᠷᠦᠯᠴᠡᠬᠦ ᠦᠭᠡᠢ᠃      5. ᠬᠥᠲᠥᠯᠥᠭᠴᠢ᠄      ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠳᠦᠨ ᠵᠢᠯ ᠬᠤᠪᠢᠶᠠᠨ ᠬᠡᠷᠡᠭᠵᠢᠭᠦᠯᠬᠦ ᠪᠣᠢ︖ ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠨᠢ ᠶᠠᠭᠤ ᠪᠣᠢ︖      6. ᠯᠢ ᠵᠢᠩ ᠰᠢᠶᠠᠨ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠬᠦ ᠲᠣᠪᠴᠢᠶ᠎ᠠ ᠶᠢᠨ 2019 ᠣᠨ ᠤ ︽ ︿ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ﹀ ᠤᠨ ᠭᠤᠷᠪᠠᠨ ᠵᠢᠯ ᠤᠨ ᠬᠡᠷᠡᠭᠵᠢᠭᠦᠯᠬᠦ ᠲᠥᠰᠥᠯ ᠢ ᠲᠡᠭᠦᠯᠳᠡᠷᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠨ ᠬᠢᠬᠦ ᠲᠤᠬᠠᠢ ᠮᠡᠳᠡᠭᠳᠡᠯ︾ ︵ᠥᠪᠥᠷ ᠠᠮᠤ ᠬᠤᠷᠢᠶᠠᠯᠲᠠ ᠦᠰᠦᠭ ﹇2019﹈ 54 ᠳ᠋ᠦ᠋ᠭᠡᠷ ᠲᠣᠭᠠᠲᠤ︶ ᠢ ᠦᠨᠳᠦᠰᠦᠯᠡᠨ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠭᠤᠷᠪᠠᠨ ᠵᠢᠯ ᠬᠤᠪᠢᠶᠠᠨ ᠬᠡᠷᠡᠭᠵᠢᠭᠦᠯᠦᠨ᠎ᠡ᠂ ᠳᠠᠷᠤᠢ 2018 ᠣᠨ᠂ 2019 ᠣᠨ᠂ 2020 ᠣᠨ ᠬᠤᠪᠢᠶᠠᠨ ᠬᠡᠷᠡᠭᠵᠢᠭᠦᠯᠦᠨ᠎ᠡ᠃      ᠡᠨᠡ ᠭᠤᠷᠪᠠᠨ ᠵᠢᠯ ᠳᠤ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠠᠭᠤᠯᠭ᠎ᠠ ᠶᠢ ᠪᠦᠲᠦᠭᠡᠨ ᠪᠠᠶᠢᠭᠤᠯᠤᠨ᠎ᠠ᠄       ᠨᠢᠭᠡ ᠳᠤ᠂  ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠠᠵᠢᠯᠯᠠᠭ᠎ᠠ ᠶᠢ ᠥᠷᠨᠢᠭᠦᠯᠵᠦ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠰᠠᠭᠤᠷᠢ ᠲᠠᠯᠪᠢᠨ᠎ᠠ᠃       ᠬᠤᠶᠠᠷ ᠲᠤ᠂ ᠠᠮᠤ ᠪᠤᠳᠠᠭᠠᠨ ᠤ ᠶᠠᠰᠤ ᠴᠢᠨᠠᠷ ᠢ ᠰᠢᠯᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠤ ᠪᠤᠳᠠᠭᠠᠨ ᠤ ᠭᠦᠢᠯᠭᠡᠭᠡ ᠶᠢᠨ ᠭᠤᠭᠴᠣᠭᠠᠨ ᠳᠠᠬᠢ ᠠᠶᠤᠯᠭᠦᠢ ᠶᠢ ᠦᠨᠡᠨ ᠬᠦ  ᠬᠠᠮᠠᠭᠠᠯᠠᠨ᠎ᠠ᠃      ᠭᠤᠷᠪᠠ ᠳᠤ᠂ ᠲᠤᠰᠬᠠᠶᠢᠵᠢᠭᠰᠠᠨ ᠨᠡᠶᠢᠭᠡᠮᠴᠢᠯᠡᠭᠰᠡᠨ ᠠᠮᠤ ᠪᠤᠳᠠᠭ᠎ᠠ ᠶᠢᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠲᠠᠷᠢᠶᠠᠴᠢᠨ ᠡᠷᠦᠬᠡ ᠶᠢᠨ ᠬᠤᠷᠢᠶᠠᠯᠲᠠ ᠳᠤ ᠰᠠᠶᠢᠨ ᠰᠠᠶᠢᠬᠠᠨ ᠴᠢᠨᠠᠷ ᠴᠢᠨᠰᠠᠭ᠎ᠠ ᠶᠢ ᠬᠠᠳᠠᠭᠠᠯᠠᠬᠤ ᠪᠠᠲᠤᠯᠠᠭ᠎ᠠ ᠬᠠᠩᠭᠠᠨ᠎ᠠ᠃      7. ᠬᠥᠲᠥᠯᠥᠭᠴᠢ᠄      2018 ᠣᠨ ᠠᠴᠠ 2019 ᠣᠨ ᠪᠣᠯᠲᠠᠯ᠎ᠠ ᠮᠠᠨ ᠤ ᠬᠤᠲᠠ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      8. ᠯᠢᠦ ᠰᠢᠤᠸᠠᠢ ᠯᠢᠶᠠᠨ᠄      ᠨᠢᠭᠡ ᠳᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠪᠠ᠃ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠬᠡᠷᠡᠭᠵᠢᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶᠢᠯᠠᠨ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠪᠠ᠃ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠠᠵᠢᠯ ᠤᠨ ᠲᠥᠰᠥᠯ ᠭᠠᠷᠭᠠᠪᠠ᠃ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠭᠠᠵᠠᠷ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠪᠠᠭᠤᠯᠭᠠᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠥᠷᠥᠯ ᠵᠦᠢᠯ ᠤᠨ ᠪᠠᠶᠢᠷᠢᠰᠢᠭᠤᠯᠤᠯᠲᠠ᠂ ᠬᠡᠪᠴᠢᠶᠡᠵᠢᠯ᠂ ᠠᠭᠤᠯᠭ᠎ᠠ ᠵᠢᠴᠢ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠡᠷᠡᠭᠵᠢᠭᠦᠯᠬᠦ ᠲᠥᠰᠥᠯ ᠢ ᠬᠠᠷᠢᠭᠤᠴᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠭᠰᠡᠨ ᠤ ᠳᠠᠷᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ ᠬᠡᠷᠡᠭᠵᠢᠭᠦᠯᠬᠦ ᠶᠢᠨ ᠬᠠᠮᠲᠤ᠂ ᠲᠥᠷᠥᠯ ᠵᠦᠢᠯ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠬᠠᠮᠢᠶᠠᠷᠪᠠ᠃      ᠬᠤᠶᠠᠷ ᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠪᠣᠶᠢᠯᠭᠠᠪᠠ᠃ ᠠᠮᠤ ᠪᠤᠳᠠᠭᠠᠨ ᠤ ᠭᠠᠷᠤᠯᠲᠠ ᠶᠢᠨ ᠣᠷᠣᠨ ᠠᠴᠠ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠶᠠᠰᠤ ᠴᠢᠨᠠᠷ ᠢ ᠰᠢᠯᠭᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠠᠮᠤ ᠪᠤᠳᠠᠭᠠᠨ ᠤ ᠬᠥᠬᠡᠬᠤᠲᠠ ᠶᠢᠨ ᠠᠵᠢᠯᠯᠠᠭ᠎ᠠ ᠶᠢᠨ ᠲᠥᠰᠥᠯ ᠢ ᠬᠡᠷᠡᠭᠵᠢᠭᠦᠯᠬᠦ ᠶᠢ ᠬᠠᠷᠢᠭᠤᠴᠠᠵᠤ᠂ ︽ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ ᠡᠭᠦᠳᠬᠦ︾ ᠪᠠᠷ ᠬᠠᠷᠠᠯᠲᠠ ᠪᠣᠯᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠵᠢᠴᠢ ᠣᠷᠣᠨ ᠨᠤᠲᠤᠭ ᠤᠨ ᠲᠣᠮᠣ ᠭᠤᠣᠯᠯᠠᠭᠴᠢ ᠠᠵᠤ ᠠᠬᠤᠶᠢᠯᠠᠯ ᠤᠨ ᠳᠠᠶᠢᠴᠢᠯᠠᠨ ᠬᠥᠲᠥᠯᠬᠦ ᠪᠠ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠢ ᠳᠠᠭᠠᠭᠤᠯᠤᠨ ᠰᠠᠶᠢᠨ ᠴᠢᠨᠠᠷ ᠤᠨ ᠠᠮᠤ ᠪᠤᠳᠠᠭᠠᠨ ᠤ ᠲᠠᠷᠢᠶ᠎ᠠ ᠶᠢ ᠥᠷᠭᠡᠳᠬᠡᠨ᠂ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠤ ᠠᠬᠤᠶᠢᠯᠠᠯ ᠢ ᠨᠡᠮᠡᠭᠳᠡᠭᠦᠯᠵᠦ᠂ ᠬᠡᠪᠴᠢᠶᠡᠵᠢᠯ᠂ ᠪᠠᠷᠢᠮᠵᠢᠶᠠᠵᠢᠯ᠂ ᠲᠥᠷᠥᠯ ᠲᠡᠮᠳᠡᠭᠲᠦ ᠶᠢ ᠠᠯᠢ ᠬᠤᠷᠳᠤᠨ ᠢᠶᠠᠷ  ᠪᠡᠶᠡᠯᠡᠭᠦᠯᠵᠦ᠂ ᠪᠣᠬᠢᠷᠲᠤᠯ ᠦᠭᠡᠢ ᠰᠠᠶᠢᠨ ᠴᠢᠨᠠᠷ ᠤᠨ ᠠᠮᠤ ᠪᠤᠳᠠᠭ᠎ᠠ ᠢᠳᠡᠰᠢᠨ ᠲᠣᠰᠣ ᠶᠢᠨ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠭᠤᠷᠪᠠ ᠳᠤ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠪᠠᠭ᠎ᠠ ᠵᠣᠭᠤᠰ ᠢᠶᠠᠷ ᠶᠡᠭᠡ ᠤᠴᠢᠷ ᠪᠦᠲᠦᠭᠡᠬᠦ︾ ᠵᠠᠷᠴᠢᠮ ᠶᠣᠰᠣᠭᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠳᠦᠯᠦᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ ᠪᠦᠲᠦᠮᠵᠢ ᠶᠢ ᠶᠡᠬᠡᠳᠬᠡᠵᠦ᠂ ᠬᠡᠮᠵᠢᠶ᠎ᠡ ᠲᠠᠢ ᠪᠡᠯᠡ ᠮᠥᠩᠭᠦ ᠪᠠᠷ ᠬᠠᠮᠤᠭ ᠶᠡᠭᠡ ᠠᠰᠢᠭᠯᠠᠮᠵᠢ ᠶᠢ ᠡᠭᠦᠳᠪᠡ᠃      ᠳᠥᠷᠪᠡ ᠳᠤ᠂  ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠡᠯ᠎ᠡ ᠭᠠᠵᠠᠷ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠪᠡᠯᠡ ᠣᠷᠣᠭᠤᠯᠬᠤ ᠪᠡᠯᠡ ᠴᠤᠭᠯᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠨ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢ ᠬᠠᠮᠲᠤᠷᠠᠭᠤᠯᠬᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂  ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠦᠷᠭᠦᠯᠵᠢᠯᠡᠨ ᠬᠡᠷᠡᠭᠵᠢᠭᠦᠯᠦᠭᠳᠡᠬᠦ ᠶᠢ ᠠᠬᠢᠭᠤᠯᠵᠤ᠂ ᠪᠣᠳᠠᠲᠠᠢ ᠦᠷ᠎ᠡ ᠪᠦᠲᠦᠮᠵᠢ ᠣᠯᠪᠠ᠃      ᠲᠠᠪᠤ ᠳᠤ᠂ ᠦᠨᠡᠯᠡᠨ ᠰᠢᠯᠭᠠᠬᠤ ᠲᠣᠭᠲᠠᠴᠠ ᠶᠢ ᠪᠠᠶᠢᠭᠤᠯᠪᠠ᠃ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠭᠰᠠᠨ ᠲᠥᠷᠥᠯ ᠵᠦᠢᠯ ᠢ 12 ᠰᠠᠷ᠎ᠠ ᠶᠢᠨ ᠳᠣᠲᠣᠷ᠎ᠠ ᠪᠦᠲᠦᠭᠡᠨ ᠪᠠᠶᠢᠭᠤᠯᠵᠤ ᠪᠠᠷᠠᠬᠤ ᠶᠢ ᠪᠠᠲᠤᠯᠠᠪᠠ᠃
     9. ᠬᠥᠲᠥᠯᠥᠭᠴᠢ᠄      ᠰᠦᠯᠵᠢᠶᠡᠨ ᠤ ᠠᠨᠳᠠ ᠶᠢᠨ ᠠᠰᠠᠭᠤᠭᠰᠠᠨ ᠨᠢ᠂ 2018 ᠣᠨ ᠠᠴᠠ 2019 ᠣᠨ ᠳᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠠᠭᠤᠯᠭᠠᠭᠰᠠᠨ ᠵᠢᠴᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠶᠠᠮᠠᠷ ᠵᠡᠷᠭᠡ ᠪᠣᠢ︖      10. ᠯᠢ ᠰᠢᠤᠸᠠᠢ ᠯᠢᠶᠠᠨ᠄       ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠪᠦᠬᠦ ᠱᠠᠩᠨᠠᠯ ᠨᠥᠬᠦᠪᠦᠷᠢ ᠶᠢᠨ ᠪᠡᠯᠡ ᠮᠥᠩᠭᠦ 11677 ᠲᠦᠮᠡᠨ ᠲᠥᠭᠦᠷᠢᠭ ᠢ ᠤᠷᠢᠳᠴᠢᠯᠠᠨ ᠪᠠᠭᠤᠯᠭᠠᠪᠠ᠃      ᠣᠳᠣᠬᠠᠨ ᠪᠣᠯᠲᠠᠯ᠎ᠠ᠂ 2018 ᠣᠨ ᠠᠴᠠ 2019 ᠣᠨ ᠳᠤ ᠪᠢᠳᠠᠨ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠤᠨ ᠪᠡᠯᠡ ᠮᠥᠩᠭᠦ ᠨᠡᠶᠢᠲᠡ 8185.225 ᠲᠦᠮᠡᠨ ᠲᠥᠭᠦᠷᠢᠭ ︵ᠲᠤᠰ ᠱᠠᠲᠤᠨ ᠤ ᠪᠠᠭᠤᠯᠭᠠᠭᠰᠠᠨ ᠪᠠ ᠬᠤᠰᠢᠭᠤ ᠰᠢᠶᠠᠨ ᠲᠣᠭᠤᠷᠢᠭ ᠤᠨ ᠪᠠᠭᠤᠯᠭᠠᠭᠰᠠᠨ ᠪᠡᠯᠡ ᠮᠥᠩᠭᠦ ᠪᠠᠭᠲᠠᠨ᠎ᠠ︶ ᠪᠠᠭᠤᠯᠭᠠᠪᠠ᠃ 2018 ᠣᠨ ᠳᠤ 2000 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ ᠢᠳᠡᠰᠢᠨ ᠲᠣᠰᠣ᠂  ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠵᠢᠴᠢ ᠶᠠᠰᠤ ᠴᠢᠨᠠᠷ ᠤᠨ ᠰᠢᠯᠭᠠᠨ ᠬᠡᠮᠵᠢᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠂ ᠡᠭᠦᠨ ᠳᠤ 9 ᠬᠤᠰᠢᠭᠤ ᠰᠢᠶᠠᠨ ᠲᠣᠭᠤᠷᠢᠭ ᠲᠤ 1490 ᠲᠦᠮᠡᠨ ᠲᠥᠭᠦᠷᠢᠭ᠂ ᠲᠦᠮᠡᠳ ᠵᠡᠭᠦᠨ ᠬᠤᠰᠢᠭᠤᠨ ᠳᠤ 400 ᠲᠦᠮᠡᠨ ᠲᠥᠭᠦᠷᠢᠭ᠂ ᠲᠣᠭᠲᠠᠬᠤ ᠰᠢᠶᠠᠨ ᠳᠤ 420 ᠲᠦᠮᠡᠨ ᠲᠥᠭᠦᠷᠢᠭ᠂ ᠬᠤᠷᠢᠨᠭᠡᠷ ᠰᠢᠶᠠᠨ ᠳᠤ 100 ᠲᠦᠮᠡᠨ ᠲᠥᠭᠦᠷᠢᠭ᠂  ᠴᠢᠩ ᠱᠦᠢ ᠾᠧ ᠰᠢᠶᠠᠨ ᠳᠤ 260 ᠲᠦᠮᠡᠨ ᠲᠥᠭᠦᠷᠢᠭ ᠂ ᠦᠴᠦᠸᠠᠨ ᠰᠢᠶᠠᠨ ᠳᠤ 260 ᠲᠦᠮᠡᠨ ᠲᠥᠭᠦᠷᠢᠭ᠂ ᠰᠢᠨ᠎ᠡ ᠬᠤᠲᠠ ᠲᠣᠭᠤᠷᠢᠭ ᠲᠤ 10 ᠲᠦᠮᠡᠨ ᠲᠥᠭᠦᠷᠢᠭ᠂ ᠬᠤᠲᠣᠩ ᠠᠷᠠᠳ ᠤᠨ ᠲᠣᠭᠤᠷᠢᠭ ᠲᠤ 12.5 ᠲᠦᠮᠡᠨ ᠲᠥᠭᠦᠷᠢᠭ᠂ ᠢᠦᠢ ᠴᠢᠦᠸᠠᠨ ᠲᠣᠭᠤᠷᠢᠭ ᠲᠤ 12.5 ᠲᠦᠮᠡᠨ ᠲᠥᠭᠦᠷᠢᠭ᠂ ᠰᠠᠶᠢᠬᠠᠨ ᠲᠣᠭᠤᠷᠢᠭ ᠲᠤ 15 ᠲᠦᠮᠡᠨ ᠲᠥᠭᠦᠷᠢᠭ ᠪᠠᠭᠤᠯᠭᠠᠵᠠᠢ᠃ ᠠᠮᠤ ᠪᠤᠳᠠᠭ᠎ᠠ ᠢᠳᠡᠰᠢᠨ ᠲᠣᠰᠣ ᠶᠢᠨ ᠶᠠᠰᠤ ᠴᠢᠨᠠᠷ ᠢ ᠰᠢᠯᠭᠠᠨ ᠬᠡᠮᠵᠢᠬᠦ ᠲᠥᠪ ᠵᠡᠷᠭᠡ ᠲᠥᠷᠥᠯ ᠵᠦᠢᠯ ᠳᠤ 510 ᠲᠦᠮᠡᠨ ᠲᠥᠭᠦᠷᠢᠭ ᠬᠡᠷᠡᠭᠯᠡᠪᠡ᠃ 2019 ᠣᠨ ᠤ  ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 29 ᠪᠠᠶᠢᠵᠤ᠂ ᠲᠥᠯᠥᠪᠯᠡᠭᠡ ᠪᠠᠷ ᠶᠡᠷᠦᠩᠬᠡᠢ ᠪᠡᠯᠡ ᠣᠷᠣᠭᠤᠯᠬᠤ ᠬᠡᠮᠵᠢᠶ᠎ᠡ 15284.85 ᠲᠦᠮᠡᠨ ᠲᠥᠭᠦᠷᠢᠭ ᠬᠦᠷᠴᠦ᠂ ᠲᠥᠪ ᠤᠨ ᠡᠳ᠋ ᠤᠨ ᠵᠠᠰᠠᠭ ᠠᠴᠠ ᠲᠤᠰ ᠵᠢᠯ ᠳᠤ 4339.3 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠲᠣᠬᠢᠷᠠᠭᠤᠯᠵᠤ᠂ 2019 ᠣᠨ ᠤ 11 ᠳ᠋ᠦ᠋ᠭᠡᠷ ᠰᠠᠷ᠎ᠠ ᠪᠣᠯᠲᠠᠯ᠎ᠠ ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ 4339.3 ᠲᠦᠮᠡᠨ ᠲᠥᠭᠦᠷᠢᠭ ᠪᠠᠭᠤᠯᠭᠠᠪᠠ᠃      11. ᠬᠥᠲᠥᠯᠥᠭᠴᠢ᠄       2019 ᠣᠨ ᠪᠣᠯᠲᠠᠯ᠎ᠠ᠂ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾  ᠳᠤ ᠨᠢᠭᠡᠨᠲᠡ ᠶᠠᠮᠠᠷ ᠶᠠᠮᠠᠷ ᠲᠥᠷᠥᠯ ᠵᠦᠢᠯ ᠢ ᠬᠡᠷᠡᠭᠵᠢᠭᠦᠯᠪᠡ︖ ᠦᠷ᠎ᠡ ᠪᠦᠲᠦᠮᠵᠢ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠶᠠᠮᠠᠷ ᠵᠡᠷᠭᠡ ᠪᠣᠢ︖      12. ᠯᠢᠦ ᠰᠢᠤᠸᠠᠢ ᠯᠢᠶᠠᠨ᠄      ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠶᠢᠨ ᠵᠣᠷᠢᠯᠭ᠎ᠠ ᠨᠢ  ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠠᠵᠢᠯᠯᠠᠭ᠎ᠠ ᠪᠠᠷ ᠳᠠᠮᠵᠢᠨ᠂ ᠠᠮᠤ ᠪᠤᠳᠠᠭ᠎ᠠ ᠢᠳᠡᠰᠢᠨ ᠲᠣᠰᠣ ᠶᠢᠨ ᠰᠠᠶᠢᠨ ᠴᠢᠨᠠᠷ ᠤᠨ ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠢᠳᠡᠰᠢᠨ ᠲᠣᠰᠣ ᠲᠠᠷᠢᠭᠰᠠᠨ ᠣᠷᠣᠯᠭ᠎ᠠ ᠶᠢ ᠨᠡᠮᠡᠭᠳᠡᠭᠦᠯᠦᠨ᠂ ᠠᠮᠤ ᠪᠤᠳᠠᠭ᠎ᠠ ᠢᠳᠡᠰᠢᠨ ᠲᠣᠰᠣ ᠶᠢᠨ  ᠲᠡᠰ ᠲᠡᠪᠰᠢᠭᠦᠯᠦᠨ᠎ᠡ ᠲᠠᠩᠰᠠᠨ ᠳᠤ ᠤᠷᠤᠭᠤᠯᠬᠤ᠂ ᠲᠥᠷᠥᠯ ᠲᠡᠮᠳᠡᠭᠲᠦ  ᠶᠢᠨ ᠲᠡᠰ ᠳᠡᠪᠰᠢᠬᠦ ᠶᠢ ᠠᠬᠢᠭᠤᠯᠬᠤ ᠪᠣᠯᠣᠨ᠎ᠠ᠃          ᠶᠠᠭᠤᠨ ᠤ ᠡᠮᠦᠨ᠎ᠡ᠂ ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ 8 ᠲᠥᠷᠥᠯ ᠵᠦᠢᠯ ᠲᠠᠢ᠃ 2019 ᠣᠨ ᠳᠤ ︽ᠳᠤᠮᠳᠠᠳᠤ ᠤᠯᠤᠰ ᠤᠨ ᠰᠠᠶᠢᠨ ᠠᠮᠤ  ᠲᠤᠰᠤ︾ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ  ᠲᠥᠷᠥᠯ ᠵᠦᠢᠯ ᠨᠢ  ᠠᠵᠤ ᠠᠬᠤᠶᠢᠯᠠᠯ ᠤᠨ ᠦᠢᠯᠡᠳᠪᠦᠷᠢᠯᠡᠯ  ᠤᠨ ᠬᠡᠮᠵᠢᠶ᠎ᠡ ᠶᠢ ᠲᠣᠭᠲᠠᠭᠤᠬᠠᠨ ᠢᠶᠠᠷ 110 ᠲᠣᠨ/ ᠡᠳᠦᠷ ᠬᠦᠷᠭᠡᠵᠦ᠂ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ᠂ ᠲᠥᠷᠥᠯ ᠲᠡᠮᠳᠡᠭᠲᠦ ᠶᠢᠨ ᠲᠤᠰᠬᠠᠢ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠬᠡᠲᠦ ᠳᠡᠯᠭᠡᠭᠦᠷ ᠤᠨ ᠲᠤᠰᠬᠠᠢ ᠲᠣᠭᠤᠷᠢᠭ ᠤᠨ ᠦᠷ᠎ᠡ ᠠᠰᠢᠭ ᠢᠯᠡᠳᠲᠡ ᠪᠠᠶᠢᠵᠤ᠂ 2019 ᠣᠨ ᠤ ᠪᠣᠷᠣᠯᠠᠭᠤᠯᠭ᠎ᠠ ᠶᠢᠨ ᠬᠡᠮᠵᠢᠶ᠎ᠡ ᠨᠢ 13.58% ᠪᠠᠷ ᠨᠡᠮᠡᠭᠳᠡᠵᠡᠢ᠃      ᠳᠠᠷᠠᠭ᠎ᠠ ᠨᠢ᠂ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ 18 ᠲᠥᠷᠥᠯ ᠵᠦᠢᠯ  ᠲᠠᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠭᠤ ᠵᠠᠬ᠎ᠠ ᠳᠡᠯᠭᠡᠭᠦᠷᠴᠢᠯᠡᠭᠰᠡᠨ ᠬᠤᠷᠢᠶᠠᠬᠤ ᠨᠥᠬᠦᠴᠡᠯ ᠳᠣᠣᠷ᠎ᠠ ᠲᠠᠷᠢᠶᠠᠴᠢᠳ ᠤᠨ ᠠᠮᠤ ᠪᠤᠳᠠᠭ᠎ᠠ ᠬᠤᠷᠢᠶᠠᠬᠤ᠂ ᠬᠠᠳᠠᠭᠠᠯᠠᠬᠤ᠂ ᠬᠤᠳᠠᠯᠳᠤᠬᠤ᠂ ᠴᠡᠪᠡᠷᠯᠡᠨ ᠬᠠᠲᠠᠭᠠᠬᠤ ᠵᠡᠷᠭᠡ ᠠᠯᠢ ᠣᠯᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠠᠮᠤ ᠪᠤᠳᠠᠭᠠᠨ ᠤ ᠭᠦᠢᠯᠭᠡᠭᠡ ᠶᠢᠨ ᠬᠦᠷᠢᠶᠡᠨ ᠳᠠᠬᠢ ᠣᠳᠣ ᠶᠢᠨ ᠪᠠᠶᠢᠭ᠎ᠠ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠨ᠂ ᠲᠤᠰᠬᠠᠶᠢᠵᠢᠭᠰᠠᠨ ᠡᠵᠡᠩᠨᠡᠯᠲᠡ ᠶᠢᠨ ᠴᠢᠨᠠᠷ  ᠲᠠᠢ ᠠᠮᠤ ᠪᠤᠳᠠᠭᠠᠨ ᠤ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡ ᠶᠢᠨ ᠲᠥᠪ ᠢ ᠪᠠᠶᠢᠭᠤᠯᠵᠤ᠂ ᠲᠠᠷᠢᠶᠠᠴᠢᠳ ᠲᠤ ︽ᠣᠷᠣᠯᠠᠨ ᠴᠡᠪᠡᠷᠯᠡᠬᠦ᠂ ᠣᠷᠣᠯᠠᠨ ᠬᠠᠲᠠᠭᠠᠬᠤ᠂ ᠣᠷᠣᠯᠠᠨ ᠬᠠᠳᠠᠭᠠᠯᠠᠬᠤ᠂ ᠣᠷᠣᠯᠠᠨ ᠦᠢᠯᠡᠳᠪᠦᠷᠢᠯᠡᠬᠦ᠂ ᠣᠷᠣᠯᠠᠨ ᠪᠣᠷᠣᠯᠠᠭᠤᠯᠬᠤ︾ ᠵᠡᠷᠭᠡ ︽ᠲᠠᠪᠤ ᠶᠢ ᠣᠷᠣᠯᠠᠬᠤ︾ ᠲᠥᠯᠥᠪᠦᠷᠢ ᠲᠠᠢ ᠦᠢᠯᠡᠴᠢᠯᠡᠭᠡ ᠬᠠᠩᠭᠠᠪᠠ᠃       ᠡᠴᠦᠰ ᠲᠤ᠂ ᠠᠮᠤ ᠪᠤᠳᠠᠭ᠎ᠠ ᠢᠳᠡᠰᠢᠨ ᠲᠣᠰᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ 3 ᠲᠥᠷᠥᠯ ᠵᠦᠢᠯ ᠲᠠᠢ᠂ 2019 ᠣᠨ ᠳᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ 500 ᠲᠦᠮᠡᠨ ᠲᠥᠭᠦᠷᠢᠭ ᠬᠦᠷᠴᠦ᠂ ᠥᠪᠡᠷᠲᠡᠭᠡᠨ 370 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠲᠤᠰ ᠵᠢᠯ ᠳᠤ ᠲᠥᠪ ᠤᠨ ᠡᠳ᠋ ᠤᠨ ᠵᠠᠰᠠᠭ ᠠᠴᠠ 130 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠣᠯᠭᠤᠪᠠ᠃      13. ᠬᠥᠲᠥᠯᠥᠭᠴᠢ᠄      2020 ᠣᠨ ᠳᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠲᠥᠷᠥᠯ ᠵᠦᠢᠯ ᠳᠤ ᠲᠥᠯᠥᠪᠯᠡᠭᠡ ᠬᠢᠪᠡ ᠦᠦ︖     14. ᠯᠢᠦ ᠰᠢᠤᠸᠠᠢ ᠯᠢᠶᠠᠨ᠄     ᠠᠮᠤ ᠪᠤᠳᠠᠭᠠᠨ ᠤ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠵᠣᠬᠢᠴᠠᠵᠤ᠂ ᠠᠮᠤ ᠪᠤᠳᠠᠭᠠᠨ ᠤ ᠠᠶᠤᠯᠭᠦᠢ ᠶᠢ ᠪᠠᠲᠤᠯᠠᠵᠤ᠂ ᠲᠠᠷᠢᠶᠠᠴᠢᠳ ᠪᠠ ᠠᠵᠤ ᠠᠬᠤᠶᠢᠯᠠᠯ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠶᠢᠨ ᠲᠤᠰᠠᠳᠠ᠂ 2020 ᠣᠨ ᠤ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ 21 ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠪᠠ᠃ ᠡᠭᠦᠨ ᠤ ᠬᠠᠮᠲᠤ᠂ ᠲᠥᠷᠥᠯ ᠵᠦᠢᠯ ᠤᠨ ᠲᠥᠯᠥᠪᠯᠡᠭᠡ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠨᠥᠭᠡᠴᠡᠯᠡᠬᠦ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠦᠷᠭᠡᠨ ᠮᠡᠳᠡᠭᠦᠯᠵᠡᠢ᠃ ᠬᠡᠷᠡᠭᠵᠢᠭᠦᠯᠬᠦ ᠬᠡᠪᠴᠢᠶ᠎ᠡ ᠳᠤ ᠴᠢᠩ ᠱᠦᠢ ᠾᠧ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ ᠵᠡᠷᠭᠡ 7 ᠬᠤᠰᠢᠭᠤ ᠰᠢᠶᠠᠨ ᠲᠣᠭᠤᠷᠢᠭ ᠢ ᠪᠠᠭᠲᠠᠭᠠᠪᠠ᠃      15. ᠬᠠᠮᠢᠶᠠᠷᠤᠭᠴᠢ᠄      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ᠂ ᠠᠵᠤ ᠠᠬᠤᠢ ᠠᠷᠠᠯᠵᠢᠶ᠎ᠠ ᠶᠢᠨ ᠰᠠᠯᠠᠭ᠎ᠠ ᠶᠢᠨ ᠳᠠᠷᠤᠭ᠎ᠠ ᠯᠢᠦ  ᠰᠢᠤᠸᠠᠢ ᠯᠢᠶᠠᠨ ᠳᠤ ᠲᠠᠯᠠᠷᠬᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ ᠲᠠᠯᠠᠷᠬᠠᠯ᠎ᠠ᠂ ᠡᠨᠡ ᠤᠳᠠᠭ᠎ᠠ ᠶᠢᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ