ᠰᠢᠨ᠎ᠡ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠴᠢᠩᠭᠢᠰ ᠬᠠᠭᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠨ ᠪᠠ ᠱᠤ᠋ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯᠲᠤ ᠲᠣᠰᠬᠤᠨ ᠢ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2020-05-13
     ︽ᠬᠥᠬᠡᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠠ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠬᠤᠲᠠ ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠵᠡᠷᠭᠡᠪᠡᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠳᠠᠭᠤᠷᠢᠶᠠᠯᠲᠤ ᠲᠣᠰᠬᠤᠨ ᠢ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ 2020 ᠣᠨ ᠤ 5 ᠳ᠋ᠤᠭᠠᠷ ᠰᠠᠷ᠎ᠠ ᠶᠢᠨ 11 ᠤ ᠦᠳᠡ ᠶᠢᠨ ᠡᠮᠦᠨ᠎ᠡ ᠰᠢᠨ᠎ᠡ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠠᠬᠢᠨᠲᠠ ᠴᠢᠩᠭᠢᠰ ᠬᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠨ ᠪᠠ ᠱᠤ᠋ ᠲᠣᠰᠬᠤᠨ ᠳᠤ ᠬᠦᠷᠴᠦ᠂ ᠰᠠᠨ ᠪᠠ ᠱᠤ᠋ ᠲᠣᠰᠬᠤᠨ ᠤ ᠠᠵᠢᠯᠲᠠᠳ ᠲᠠᠢ ᠦᠯᠢᠭᠡᠷ ᠳᠠᠭᠤᠷᠢᠶᠠᠯᠲᠤ ᠲᠣᠰᠬᠤᠨ ᠢ  ᠪᠠᠶᠢᠭᠤᠯᠬᠤ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠭᠰᠠᠨ ᠪᠥᠭᠡᠳ ᠤᠬᠠᠭᠤᠯᠭ᠎ᠠ ᠶᠢᠨ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠡᠭᠦᠯᠴᠢ ᠶᠢᠨ ᠬᠤᠭᠤᠴᠠᠭᠠᠨ ᠳᠤ ᠲᠠᠯᠠᠪᠤᠷ ᠲᠤ ᠳᠡᠯᠭᠡᠨ ᠦᠵᠡᠭᠦᠯᠬᠦ ᠰᠠᠮᠪᠠᠷ᠎ᠠ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠳᠡᠪᠲᠡᠷ᠂ ᠵᠢᠷᠤᠭᠲᠤ ᠰᠡᠳᠬᠦᠯ ᠵᠡᠷᠭᠡ ᠶᠢ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ᠂ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠭᠤᠯᠭ᠎ᠠ ᠶᠢ ᠤᠬᠠᠭᠤᠯᠤᠨ᠎ᠠ᠃
     ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠪᠥᠲᠥᠭᠡᠨ ᠪᠠᠶᠢᠭᠤᠯᠤᠯᠲᠠ ᠪᠣᠯ ᠰᠢᠨ᠎ᠡ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠪᠣᠯᠤᠨ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠬᠥᠭᠵᠢᠯᠲᠡ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠪᠣᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号