ᠶᠦᠨ ᠬᠠᠢ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-13
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠳᠡᠭᠡᠷ᠎ᠡ ᠦᠴᠤᠸᠠᠨ ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠦᠨ ᠬᠠᠢ ᠵᠢᠭᠠᠵᠤ ᠭᠠᠷᠭᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ ᠬᠤᠷᠢᠭ᠎ᠠ ᠱᠤᠭᠤᠮ ᠤᠨ ᠠᠵᠢᠯ ᠮᠥᠨ᠃ ᠪᠦᠬᠦ ᠰᠢᠶᠠᠨ ᠢᠶᠠᠷ ᠢᠶᠠᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢᠨ ᠨᠠᠷᠢᠨ ᠲᠠᠩᠰᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠶᠦᠨ ᠬᠠᠢ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠠᠮᠢ ᠠᠬᠤᠢ ᠶᠢᠨ ᠨᠣᠭᠤᠭᠠᠷᠠᠭᠤᠯᠤᠯᠲᠠ᠂ ᠵᠠᠰᠠᠮᠠᠯ ᠵᠠᠮ ᠳᠠᠭᠠᠤ ᠶᠢᠨ ᠬᠤᠭ ᠨᠣᠪᠰᠢ ᠶᠢ ᠴᠡᠪᠡᠷᠯᠡᠬᠦ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠵᠡᠷᠭᠡ ᠠᠵᠢᠯ ᠢ ᠴᠢᠩᠭ᠎ᠠ ᠠᠳᠬᠤᠵᠤ᠂ ᠬᠠᠷᠠᠯᠲᠠ ᠡᠭᠦᠷᠭᠡ ᠪᠣᠯᠤᠨ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠨᠢᠭᠡᠳ ᠨᠢᠭᠡ ᠪᠠᠷ ᠪᠣᠭᠤᠮᠲᠠ ᠰᠢᠪᠲᠤᠯᠵᠤ᠂ ᠨᠢᠭᠡᠳ ᠨᠢᠭᠡ ᠪᠠᠷ ᠠᠬᠢᠭᠤᠯᠵᠤ᠂ ᠨᠢᠭᠡᠳ ᠨᠢᠭᠡ ᠪᠠᠷ ᠰᠢᠢᠳᠪᠦᠷᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ ︵ᠯᠢᠦᠢ ᠫᠢᠩ ᠫᠢᠩ    ᠵᠧᠨ ᠶᠤᠸᠠᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号