ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ︽ᠬᠢᠵᠢᠭ ᠤᠨ ᠪᠠᠶᠢᠳᠠᠯ ᠲᠠᠢ ᠲᠡᠮᠡᠴᠡᠵᠦ᠂ ᠲᠡᠷᠢᠭᠦᠨ ᠤ  ᠬᠢ ᠠᠴᠠ ᠰᠤᠷᠤᠯᠴᠠᠨ᠂ ᠬᠠᠷᠢᠭᠤᠴᠠᠯᠭ᠎ᠠ ᠡᠭᠦᠷᠭᠡᠯᠡᠶ᠎ᠡ︾ ᠬᠤᠯᠪᠣᠭᠠᠯᠠᠭᠰᠠᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-05-13
     5 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠠᠴᠠ ᠬᠤᠲᠠ ᠶᠢᠨ  ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠤᠲᠠ ᠶᠢᠨ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡ ᠶᠢᠨ ᠲᠥᠪ᠂ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠢᠴᠢ ᠥᠪᠥᠷ ᠮᠣᠩᠭᠤᠯ ᠤᠨ ᠴᠢᠩ ᠱᠠᠨ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠲᠠ ᠶᠢᠨ ᠺᠣᠮᠫᠠᠨᠢ ᠲᠠᠢ ᠬᠤᠯᠪᠣᠭᠠᠯᠠᠨ ︽ᠬᠢᠵᠢᠭ ᠤᠨ ᠪᠠᠶᠢᠳᠠᠯ ᠲᠠᠢ ᠲᠡᠮᠡᠴᠡᠵᠦ᠂ ᠲᠡᠷᠢᠭᠦᠨ  ᠤ   ᠬᠢ ᠠᠴᠠ ᠰᠤᠷᠤᠯᠴᠠᠨ᠂ ᠬᠠᠷᠢᠭᠤᠴᠠᠯᠭ᠎ᠠ ᠡᠭᠦᠷᠭᠡᠯᠡᠶ᠎ᠡ︾ ᠬᠤᠯᠪᠣᠭᠠᠯᠠᠭᠰᠠᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠵᠢᠴᠢ ᠡᠯ᠎ᠡ ᠪᠠᠶᠢᠭᠤᠯᠭ᠎ᠠ ᠨᠢᠭᠡᠴᠡ ᠶᠢᠨ 60 ᠭᠠᠷᠤᠢ ᠨᠠᠮ ᠤᠨ ᠭᠡᠰᠢᠭᠦᠨ ᠤ  ᠲᠦᠯᠦᠭᠡᠯᠡᠭᠴᠢ ᠣᠷᠣᠯᠴᠠᠪᠠ᠃      ᠬᠤᠲᠠ ᠶᠢᠨ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡ ᠶᠢᠨ ᠲᠥᠪ ᠤᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠬᠥᠬᠡᠬᠤᠲᠠ ᠶᠢᠨ ᠬᠤᠪᠢᠰᠬᠠᠯ ᠤᠨ ᠲᠡᠦᠬᠡ ᠶᠢᠨ ᠦᠵᠡᠭᠦᠯᠭᠡ ᠶᠢᠨ ᠲᠣᠭᠤᠷᠢᠭ ᠵᠡᠷᠭᠡ ᠶᠢ ᠲᠣᠭᠤᠷᠢᠨ ᠦᠵᠡᠵᠦ᠂ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡ ᠶᠢᠨ ᠲᠥᠪ ᠤᠨ ᠤᠯᠤᠰ ᠲᠥᠷᠥ ᠶᠢᠨ ᠴᠢᠳᠠᠪᠤᠷᠢ ᠪᠠ ᠦᠢᠯᠡᠴᠢᠯᠡᠭᠡ ᠶᠢᠨ ᠴᠢᠳᠠᠪᠤᠷᠢ ᠪᠠᠨ ᠴᠢᠩᠭᠠᠳᠬᠠᠨ᠂ ᠪᠠᠬᠢᠯᠡᠯᠲᠡ ᠶᠢᠨ ᠰᠤᠷᠭᠠᠨ ᠬᠥᠮᠥᠵᠢᠯ ᠂ ᠨᠠᠮ ᠤᠨ ᠭᠡᠰᠢᠭᠦᠨ ᠣᠯᠠᠨ ᠲᠦᠮᠡᠨ ᠢ ᠨᠢᠭᠲᠠᠷᠠᠭᠤᠯᠬᠤ ᠪᠠ ᠦᠢᠯᠡᠴᠢᠯᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠪᠠᠶᠢᠭ᠎ᠠ ᠶᠢ ᠰᠡᠳᠬᠢᠯ ᠤᠨ ᠭᠦᠨ ᠠᠴᠠ ᠪᠠᠨ ᠮᠡᠳᠡᠷᠡᠪᠡ᠃       ᠠᠵᠢᠯᠯᠠᠭ᠎ᠠ ᠳᠤ᠂ ᠮᠠᠨ ᠤ ᠬᠤᠲᠠ ᠶᠢᠨ ᠬᠤᠪᠧᠢ ᠶᠢ ᠲᠤᠰᠠᠯᠠᠭᠰᠠᠨ ᠡᠮᠴᠢ ᠰᠤᠪᠢᠯᠠᠭᠴᠢ ᠶᠢᠨ ᠲᠥᠯᠥᠭᠡᠯᠡᠭᠴᠢ ᠠᠴᠠ ᠬᠢᠵᠢᠭ ᠤᠨ ᠪᠠᠶᠢᠳᠠᠯ ᠲᠠᠢ ᠲᠡᠮᠡᠴᠡᠭᠰᠡᠨ ᠰᠡᠳᠬᠢᠯ ᠬᠥᠳᠡᠯᠭᠡᠮ᠎ᠡ ᠦᠢᠯᠡ ᠶᠠᠪᠤᠳᠠᠯ ᠢ ᠶᠠᠷᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠬᠤᠪᠧᠢ ᠶᠢ ᠲᠤᠰᠠᠯᠠᠭᠰᠠᠨ ᠡᠮᠴᠢ ᠰᠤᠪᠢᠯᠠᠭᠴᠢ ᠶᠢᠨ ᠲᠥᠯᠥᠭᠡᠯᠡᠭᠴᠢ ᠳᠤ ᠳᠤᠷᠠᠰᠬᠠᠯ ᠤᠨ ᠪᠡᠯᠡᠭ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号