︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 5 ᠳ᠋ᠤᠭᠠᠷ ᠰᠠᠷ᠎ᠠ ᠶᠢᠨ 12 ᠤᠨ ᠡᠳᠦᠷ ᠤᠨ | ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ | ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠳᠠᠷᠤᠭ᠎ᠠ ᠶᠢᠨ | ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠠᠶᠠᠨᠴᠢᠳ ᠤᠨ ᠵᠡᠭᠦᠨ ᠥᠷᠲᠡᠭᠡ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠤᠴᠢᠷ ᠶᠠᠪᠤᠳᠠᠯ ᠢ ᠰᠤᠳᠤᠯᠪᠠ᠃ | ᠬᠤᠷᠠᠯ ᠠᠴᠠ ᠠᠶᠠᠨᠴᠢᠳ ᠤᠨ ᠵᠡᠭᠦᠨ ᠥᠷᠲᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠡᠷᠦᠩᠬᠡᠢ ᠪᠠᠶᠢᠳᠠᠯ ᠵᠢᠴᠢ ᠡᠷᠭᠢᠨ ᠲᠣᠭᠤᠷᠢᠨ ᠤ ᠵᠠᠮ ᠢ ᠥᠭᠡᠷᠡᠴᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ᠂ ᠠᠶᠠᠨᠴᠢᠳ ᠤᠨ ᠵᠡᠭᠦᠨ ᠥᠷᠲᠡᠭᠡ ᠶᠢᠨ ᠣᠷᠣᠨ ᠪᠦᠰᠡ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠵᠢᠷᠤᠭ ᠲᠥᠯᠥᠪᠯᠡᠭᠡ ᠶᠢᠨ ᠲᠥᠰᠥᠯ ᠤᠨ ᠬᠠᠷᠢᠭᠤ ᠮᠡᠳᠡᠭᠦᠯᠦᠯᠲᠡ᠂ ᠠᠶᠠᠨᠴᠢᠳ ᠤᠨ ᠵᠡᠭᠦᠨ ᠥᠷᠲᠡᠭᠡ ᠵᠢᠴᠢ | ᠡᠷᠭᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠬᠢᠴᠠ ᠶᠢᠨ ᠪᠠᠶᠢᠳᠠᠯ ᠵᠢᠴᠢ | ᠬᠠᠮᠢᠶᠠᠷᠤᠯᠲᠠ ᠶᠢᠨ ᠲᠣᠭᠲᠠᠴᠠ ᠶᠢᠨ ᠬᠠᠷᠢᠭᠤ ᠮᠡᠳᠡᠭᠦᠯᠦᠯᠲᠡ᠂ ᠠᠶᠠᠨᠴᠢᠳ ᠤᠨ ᠵᠡᠭᠦᠨ ᠥᠷᠲᠡᠭᠡ ᠶᠢᠨ ᠡᠮᠦᠨ᠎ᠡ | ᠲᠠᠯᠠᠪᠠᠢ ᠶᠢᠨ ᠠᠮᠢ ᠠᠬᠤᠢ ᠶᠢᠨ ᠦᠵᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠥᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ | ᠮᠥᠴᠢᠷ ᠤᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ | ᠲᠣᠬᠢᠷᠠᠭᠤᠯᠤᠯᠲᠠ ᠶᠣᠰᠣᠭᠠᠷ᠂ ᠠᠶᠠᠨᠴᠢᠳ ᠤᠨ ᠵᠡᠭᠦᠨ ᠥᠷᠲᠡᠭᠡ ᠶᠢᠨ ᠶᠡᠷᠦᠩᠬᠡᠶᠢᠯᠡᠨ ᠴᠡᠭᠴᠡᠯᠡᠨ ᠵᠠᠰᠠᠵᠤ | ᠥᠭᠡᠷᠡᠴᠢᠯᠡᠨ ᠰᠠᠶᠢᠵᠢᠷᠠᠭᠤᠯᠬᠤ ᠬᠤᠷᠳᠤᠴᠠ ᠶᠢ ᠲᠦᠷᠭᠡᠳᠬᠡᠵᠦ᠂ ᠡᠮᠦᠨ᠎ᠡ ᠲᠠᠯᠠᠪᠠᠢ ᠶᠢ ᠥᠭᠡᠷᠡᠴᠢᠯᠡᠨ | ᠰᠠᠶᠢᠵᠢᠷᠠᠭᠤᠯᠬᠤ ᠪᠠᠷ ᠭᠤᠣᠯ ᠪᠣᠯᠭᠠᠨ᠂ ᠴᠡᠪᠡᠷ ᠲᠡᠭᠰᠢ᠂ ᠬᠠᠷᠠᠭᠠᠨ ᠳᠤ ᠲᠠᠭᠠᠲᠠᠢ ᠪᠣᠯᠭᠠᠬᠤ ᠪᠠᠷ ᠦᠨᠳᠦᠰᠦᠨ | ᠵᠢᠷᠤᠮᠯᠠᠯ ᠪᠣᠯᠭᠠᠬᠤ ᠬᠡᠷᠡᠭᠲᠡᠢ᠃ ᠵᠠᠮ ᠬᠠᠷᠢᠯᠴᠠᠭ᠎ᠠ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨ ᠨᠠᠷᠢᠨ ᠬᠢᠨᠠᠮᠠᠭᠠᠢ ᠰᠤᠳᠤᠯᠤᠯᠲᠠ ᠬᠢᠵᠦ᠂ ᠡᠮᠦᠨ᠎ᠡ ᠬᠤᠶᠢᠨᠠᠬᠢ ᠲᠠᠯᠠᠪᠠᠢ ᠶᠢᠨ ᠵᠠᠮ | ᠬᠠᠷᠢᠯᠴᠠᠭ᠎ᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠨ᠂ ᠭᠠᠯᠲᠤ ᠲᠡᠷᠭᠡᠨ ᠤ ᠵᠡᠭᠦᠨ ᠥᠷᠲᠡᠭᠡ ᠶᠢ | ᠦᠨᠡᠨ ᠬᠦ ᠠᠶᠠᠨᠴᠢᠳ ᠤᠨ ᠶᠠᠪᠤᠵᠤ ᠰᠠᠭᠤᠬᠤ ᠳᠤ ᠳᠥᠭᠦᠮ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠭᠠᠬᠤ | ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ ᠵᠸᠦ ᠴᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |