ᠬᠥᠬᠡᠬᠤᠲᠠ 6 ᠰᠠᠷ᠎ᠠ ᠳᠤ ᠬᠤᠲᠠ ᠲᠣᠭᠤᠷᠢᠭ ᠤᠨ ᠪᠠᠭ᠎ᠠ ᠰᠤᠷᠭᠠᠭᠤᠯᠢ ᠳᠤ ᠬᠤᠭᠤᠯᠠ ᠬᠦᠷᠬᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2020-05-13
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠰᠤᠷᠪᠤᠯᠵᠢᠯᠠᠭᠴᠢ ᠬᠦᠬᠡᠬᠤᠳᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠤᠢᠢᠯᠠᠭᠠᠭᠰᠠᠨ ᠢᠶᠠᠷ᠂ ᠬᠦᠬᠡᠬᠤᠳᠠ ᠶᠢᠨ ᠬᠤᠳᠠ ᠶᠢᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠰᠢᠮ᠎ᠡ ᠳᠡᠵᠢᠬᠡᠯᠳᠤ ᠬᠤᠭᠤᠯᠠ ᠬᠦᠷᠬᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ᠡᠨᠡ 6 ᠰᠠᠷ᠎ᠠ ᠳᠤ ᠪᠦᠬᠦ ᠬᠤᠳᠠ ᠶᠢᠨ 91 ᠰᠤᠷᠭᠠᠭᠤᠯᠢ ᠳᠤ ᠬᠦᠷᠬᠡᠬᠦ ᠪᠠᠷ ᠲᠦᠯᠦᠪᠯᠡᠵᠦ᠂ ᠬᠤᠳᠠ ᠶᠢᠨ ᠲᠦᠷᠪᠡᠨ ᠲᠣᠭᠤᠷᠢᠭ ᠤᠨ ᠪᠠᠭ᠎ᠠ ᠰᠤᠷᠭᠠᠭᠤᠯᠢ ᠳᠤ ᠰᠢᠮ᠎ᠡ ᠳᠡᠵᠢᠬᠡᠯᠳᠤ ᠬᠤᠭᠤᠯᠠ ᠬᠦᠷᠬᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠬᠦ ᠪᠠᠷ ᠪᠠᠶᠢᠨ᠎ᠠ᠃      ᠬᠤᠲᠠ ᠶᠢᠨ ᠡᠯ᠎ᠡ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠵᠦ ᠰᠢᠯᠭᠠᠨ ᠦᠨᠡᠯᠡᠭᠰᠡᠨ ᠪᠣᠳᠠᠲᠠᠶ ᠪᠠᠶᠢᠳᠠᠯ ᠢ ᠦᠨᠳᠦᠰᠦᠯᠡᠵᠦ᠂ ᠳᠤᠮᠳᠠᠳᠤ ᠪᠠᠭ᠎ᠠ ᠰᠤᠷᠭᠠᠭᠤᠯᠢ ᠳᠤ ᠰᠢᠮ᠎ᠡ ᠲᠡᠵᠢᠭᠡᠯᠲᠦ ᠬᠤᠭᠤᠯᠠ ᠬᠦᠷᠭᠡᠬᠦ ᠠᠵᠢᠯ ᠢ ᠠᠯᠬᠤᠮ ᠠᠯᠬᠤᠮ ᠢᠶᠠᠷ ᠠᠬᠢᠭᠤᠯᠵᠤ᠂ 5 ᠰᠠᠷ᠎ᠠ ᠶᠢᠨ 6 ᠤ ᠡᠳᠦᠷ᠂ 2 ᠠᠩᠬ᠎ᠠ ᠳᠤᠮᠳᠠᠳᠤ ᠰᠤᠷᠭᠠᠭᠤᠯᠢ ᠳᠤ ᠬᠤᠭᠤᠯᠠ ᠬᠦᠷᠬᠡᠪᠡ᠃ 5 ᠰᠠᠷ᠎ᠠ ᠶᠢᠨ 7 ᠤ ᠡᠳᠦᠷ᠂ 7 ᠪᠠᠭ᠎ᠠ ᠰᠤᠷᠭᠠᠭᠤᠯᠢ ᠳᠤ ᠬᠤᠭᠤᠯᠠ ᠬᠦᠷᠬᠡᠪᠡ᠃ 11 ᠤ ᠡᠳᠦᠷ᠂ ᠲᠤᠷᠰᠢᠯᠲᠠ ᠬᠢᠵᠦ ᠪᠠᠶᠢᠭ᠎ᠠ 40 ᠰᠤᠷᠭᠠᠭᠤᠯᠢ ᠳᠤ ᠬᠦᠷᠬᠡᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ ᠰᠢᠨ᠎ᠡ ᠬᠤᠲᠠ ᠲᠣᠭᠤᠷᠢᠭ ᠤᠨ 2 ᠪᠠᠭ᠎ᠠ ᠰᠤᠷᠭᠠᠭᠤᠯᠢ᠂ ᠢᠦ᠋ᠢᠴᠢᠤᠸᠠᠨ ᠲᠣᠭᠤᠷᠢᠭ ᠤᠨ 1 ᠠᠩᠬ᠎ᠠ ᠳᠤᠮᠳᠠᠳᠤ ᠰᠤᠷᠭᠠᠭᠤᠯᠢ ᠰᠢᠨ᠎ᠡ ᠪᠠᠷ ᠨᠡᠮᠡᠭᠳᠡᠵᠦ᠂ 43 ᠰᠤᠷᠭᠠᠭᠤᠯᠢ ᠳᠤ ᠬᠤᠭᠤᠯᠠ ᠬᠦᠷᠬᠡᠬᠦ ᠪᠠᠷ ᠪᠠᠶᠢᠨ᠎ᠠ᠃ 18 ᠤ ᠡᠳᠦᠷ᠂ ᠬᠤᠭᠤᠯᠠ ᠬᠦᠷᠬᠡᠬᠦ ᠪᠠᠭ᠎ᠠ ᠰᠤᠷᠭᠠᠭᠤᠯᠢ ᠶᠢ 28 ᠶᠢ ᠰᠢᠨ᠎ᠡ ᠪᠠᠷ ᠨᠡᠮᠡᠬᠦ ᠪᠠᠷ ᠲᠥᠯᠥᠪᠯᠡᠵᠦ ᠪᠠᠶᠢᠨ᠎ᠠ᠃      6 ᠰᠠᠷ᠎ᠠ ᠳᠤ᠂ 91 ᠰᠤᠷᠭᠠᠭᠤᠯᠢ ᠳᠤ ᠬᠤᠭᠤᠯᠠ ᠬᠦᠷᠬᠡᠬᠦ ᠪᠠᠷ ᠲᠦᠯᠦᠪᠯᠡᠵᠦ ᠪᠠᠶᠢᠨ᠎ᠠ᠃ ᠡᠬᠦᠨ ᠳᠤ᠂ ᠪᠠᠭ᠎ᠠ ᠰᠤᠷᠭᠠᠭᠤᠯᠢ 88᠂ ᠠᠩᠬ᠎ᠠ ᠳᠤᠮᠳᠠᠳᠤ 3᠂ ᠬᠦᠬᠡᠬᠤᠳᠠ ᠶᠢᠨ ᠬᠤᠲᠠ ᠲᠣᠭᠤᠷᠢᠭ ᠤᠨ ᠪᠠᠭ᠎ᠠ ᠰᠤᠷᠭᠠᠭᠤᠯᠢ ᠳᠤ ᠰᠢᠮ᠎ᠡ ᠲᠡᠵᠢᠭᠡᠯᠲᠦ ᠬᠤᠭᠤᠯᠠ ᠬᠦᠷᠭᠡᠬᠦ ᠶᠢ ᠦᠨᠳᠦᠰᠦᠨ ᠳᠡᠭᠡᠨ ᠨᠡᠶᠢᠳᠡᠮ ᠳᠤᠨᠢ ᠪᠦᠷᠬᠦᠬᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号