ᠬᠥᠬᠡᠬᠤᠲᠠ ᠡᠳ᠋ ᠤᠨ ᠵᠠᠰᠠᠭ ᠢᠶᠠᠷ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020-05-13
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 2020 ᠣᠨ ᠪᠣᠯ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ ᠪᠣᠯᠣᠨ᠎ᠠ᠃ ᠠᠵᠤ ᠠᠬᠤᠢ ᠮᠠᠭᠤᠳᠠᠬᠤ ᠳᠠᠷᠤᠯᠲᠠ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠠᠨᠳᠤᠭᠤᠯᠤᠨ᠂ ᠬᠦᠬᠡᠬᠤᠲᠠ ᠶᠢᠨ ᠡᠳ᠋ ᠤᠨ ᠵᠠᠰᠠᠭ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠬᠥᠬᠡᠬᠤᠲᠠ ᠶᠢᠨ ᠶᠠᠳᠠᠭᠤ ᠶᠢ ᠳᠡᠳᠭᠦᠭᠦ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠬᠦᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ‌ᠮᠠᠨᠳᠤᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2020ᠣᠨ ᠤ ᠲᠣᠰ ᠱᠠᠲᠤᠨ ᠤ ᠨᠢᠭᠡᠳᠦᠭᠡᠷ ᠪᠦᠯᠦᠭ ᠡᠳ᠋ ᠤᠨ ᠵᠠᠰᠠᠭ ᠢᠶᠠᠷ ᠶᠠᠳᠠᠭᠤ ᠶᠢ ᠳᠡᠳᠭᠦᠭᠦ ᠲᠤᠰᠬᠠᠶ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠦᠩᠭᠦ 6914 ᠲᠦᠮᠡᠨ ᠲᠥᠭᠦᠷᠢᠭ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠢᠯᠡᠰ ᠤᠨ ᠪᠥᠲᠥᠭᠡᠨ ᠪᠠᠶᠢᠭᠤᠯᠤᠯᠲᠠ ᠶᠢᠨ ᠪᠡᠯᠡ ᠮᠦᠩᠭᠦ 4645 ᠲᠦᠮᠡᠨ ᠲᠥᠭᠦᠷᠢᠭ᠂ ᠳᠠᠭᠠᠳᠬᠠᠯ ᠢᠶᠠᠷ ᠳᠤᠰᠠᠯᠠᠬᠤ ᠪᠡᠯᠡ ᠮᠥᠩᠭᠦ 866 ᠲᠦᠮᠡᠨ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢᠨ ᠨᠦᠭᠦᠪᠦᠷᠢ ᠮᠦᠩᠭᠦ 1228 ᠲᠦᠮᠡᠨ ᠲᠦᠭᠦᠷᠢᠭ ᠪᠠᠶᠢᠵᠤ᠂ ᠶᠠᠳᠠᠭᠤ ᠶᠢ ᠳᠡᠳᠭᠦᠭᠦ ᠲᠦᠷᠦᠯ ᠵᠦᠢᠯ ᠳᠤ ᠬᠦᠴᠦᠨ ᠪᠦᠭᠦᠢ ᠪᠡᠯᠡ ᠮᠦᠩᠭᠦᠨ ᠤ ᠪᠠᠲᠤᠯᠠᠭ᠎ᠠ ᠬᠠᠩᠭᠠᠵᠤ᠂ ᠬᠦᠬᠡᠬᠤᠳᠠ ᠶᠡᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ 2020 ᠤᠨ ᠤ ᠡᠯ᠎ᠡ ᠵᠦᠢᠯ ᠤᠨ ᠡᠭᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠪᠠᠳᠤᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号