ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠡᠨᠡ ᠵᠢᠯ | ᠬᠦᠬᠡᠬᠤᠳᠠ 5000 ᠲᠦᠮᠡᠨ ᠲᠦᠬᠦᠷᠢᠭ ᠠᠴᠠ ᠲᠡᠭᠡᠭᠰᠢᠬᠢ ᠵᠠᠰᠠᠭ ᠤᠨ ᠤᠷᠳᠤᠨ ᠠᠴᠠ ᠪᠡᠯᠡ ᠤᠷᠤᠭᠤᠯᠬᠤ | ᠲᠦᠷᠦᠯ ᠵᠦᠢᠯ ᠪᠠ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠦ ᠠᠬᠤᠢᠢᠯᠠᠯ ᠠᠴᠠ ᠪᠡᠯᠡ ᠤᠷᠤᠭᠤᠯᠬᠤ | ᠲᠦᠷᠦᠯ ᠵᠦᠢᠯ ᠢ ᠨᠡᠶᠢᠳᠡ 280 ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠦ᠂ ᠤᠳᠤᠬᠠᠨ ᠪᠣᠯᠲᠠᠯ᠎ᠠ | 180 ᠲᠦᠷᠦᠯ ᠵᠦᠢᠯ ᠨᠢ ᠨᠢᠬᠡᠨᠳᠡ ᠪᠠᠷᠢᠯᠭ᠎ᠠ ᠶᠢᠨ ᠠᠵᠢᠯ ᠢᠶᠠᠨ ᠡᠬᠢᠯᠡᠬᠦᠯᠦᠨ ᠰᠡᠷᠭᠦᠬᠡᠵᠦ᠂ ᠰᠡᠷᠬᠦᠭᠡᠭᠰᠡᠨ | ᠨᠣᠷᠮ᠎ᠠ ᠨᠢ 64.3% ᠳᠤ ᠬᠦᠷᠴᠤ᠂ ᠪᠦᠬᠦ ᠤᠷᠤᠨ ᠳᠤ ᠳᠡᠳ᠋ᠯᠡᠭᠰᠡᠨ ᠪᠠᠶᠢᠨ᠎ᠠ᠃ | ᠲᠦᠷᠦᠭᠦᠬᠡᠨ ᠶᠠᠪᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ | ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ | ᠬᠦᠬᠡᠬᠤᠳᠠ ᠶᠢᠨ ᠶᠦᠨ ᠵᠦᠩ ᠵᠠᠮ ᠤᠨ ᠰᠢᠨ᠎ᠡ ᠨᠢᠰᠬᠡᠯ ᠤᠨ ᠪᠠᠭᠤᠳᠠᠯ ᠲᠠᠢ ᠬᠤᠯᠪᠤᠬᠤ ᠵᠠᠮ ᠱᠤᠭᠤᠮ ᠤᠨ | ᠪᠠᠷᠢᠯᠭ᠎ᠠ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ᠂ ᠰᠠᠶᠢᠬᠠᠨ ᠲᠣᠭᠤᠷᠢᠭ ᠤᠨ ᠵᠢᠯ ᠳᠤ 30 ᠲᠦᠮᠡᠨ | ᠲᠤᠨ ᠰᠢᠩᠬᠡᠨᠵᠢᠬᠦᠯᠦᠭᠰᠡᠨ ᠰᠢᠳᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠬᠦᠯᠦᠨ | ᠮᠡᠷᠭᠡᠵᠢᠯ ᠢ ᠦᠬᠡᠷᠡᠴᠢᠯᠡᠬᠦ ᠲᠦᠷᠦᠯ ᠵᠦᠢᠯ᠂ ᠴᠢᠩ ᠱᠦᠢ ᠾᠧ ᠰᠢᠶᠠᠨ ᠤ ᠬᠤᠩ ᠾᠧ ᠪᠠᠷᠠᠭᠠᠨ ᠤ | ᠬᠦᠢᠯᠬᠡᠬᠡ ᠶᠢᠨ ᠬᠦᠷᠢᠶᠡᠯᠡᠩ ᠲᠣᠭᠤᠷᠢᠭ ᠤᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠡᠷᠬᠡ ᠳ᠋ᠦᠩᠰᠢᠭᠤᠷ | ᠲᠦᠬᠦᠷᠢᠭ ᠠᠴᠠ ᠲᠡᠭᠡᠭᠰᠢᠬᠢ 15 ᠴᠢᠬᠤᠯᠠ ᠶᠡᠭᠡ ᠲᠦᠷᠦᠯ ᠵᠦᠢᠯ ᠢ ᠲᠦᠪᠯᠡᠷᠡᠬᠦᠯᠦᠨ ᠪᠠᠷᠢᠯᠭ᠎ᠠ ᠶᠢᠨ ᠠᠵᠢᠯ ᠢ ᠨᠢ | ᠡᠬᠢᠯᠡᠭᠦᠯᠦᠭᠰᠡᠨ ᠪᠠᠶᠢᠨ᠎ᠠ᠃ | ᠬᠥᠬᠡᠬᠤᠲᠠ ᠡᠯ᠎ᠡ ᠭᠠᠵᠠᠷ ᠣᠷᠣᠨ ᠪᠠ ᠡᠯ᠎ᠡ ᠰᠠᠯᠠᠭ᠎ᠠ ᠮᠥᠴᠢᠷ ᠤᠨ ᠬᠢᠨ ᠢᠶᠠᠨ ᠴᠢᠬᠤᠯᠠ ᠶᠡᠭᠡ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠬᠦ᠂ ᠨᠠᠷᠢᠨ ᠲᠠᠩᠰᠠ ᠵᠤᠬᠢᠶᠠᠬᠤ ᠠᠵᠢᠯ ᠢᠶᠠᠨ | ᠲᠦᠷᠬᠡᠳᠬᠡᠬᠦ᠂ ᠲᠦᠷᠦᠯ ᠵᠦᠢᠯ ᠤᠨ ᠲᠤᠬᠳᠠᠬᠰᠠᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠢᠶᠠᠨ ᠡᠬᠢᠯᠡᠬᠦᠯᠤᠨ | ᠪᠦᠲᠦᠬᠡᠨ ᠪᠠᠶᠢᠭᠤᠯᠬᠤ ᠳᠤ ᠰᠠᠭᠤᠷᠢ ᠶᠢ ᠰᠠᠶᠢᠨ ᠲᠠᠯᠪᠢᠵᠦ᠂ ᠲᠦᠷᠦᠯ ᠵᠦᠢᠯ ᠢ ᠲᠤᠬᠢᠷᠠᠭᠤᠯᠬᠤ ᠪᠠᠨ ᠴᠢᠩᠭᠠᠳᠬᠠᠨ᠂ | ᠲᠦᠷᠦᠯ ᠵᠦᠢᠯ ᠢ ᠬᠡᠷᠡᠭᠵᠢᠬᠦᠯᠦᠭᠰᠡᠨ ᠠᠬᠢᠴᠠ ᠶᠢ ᠴᠠᠬ ᠲᠤᠬᠠᠢ ᠳᠤᠨᠢ ᠡᠵᠡᠮᠰᠢᠵᠦ᠂ ᠤᠷᠤᠰᠢᠵᠦ ᠪᠠᠶᠢᠭ᠎ᠠ | ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠲᠦᠷᠦᠯ ᠵᠦᠢᠯ ᠢ ᠨᠦᠬᠡᠴᠡᠯᠡᠬᠦ ᠠᠵᠢᠯ ᠢ | ᠰᠠᠶᠢᠳᠤᠷ ᠬᠢᠵᠦ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠪᠡᠯᠡ ᠣᠷᠣᠭᠤᠯᠤᠯᠲᠠ ᠶᠢᠨ ᠬᠠᠮᠤᠭ ᠤᠨ ᠰᠢᠨ᠎ᠡ | ᠴᠢᠭᠯᠡᠯ ᠲᠠᠢ ᠢᠳᠡᠪᠬᠢᠲᠡᠢ ᠵᠣᠯᠭᠠᠯᠴᠠᠵᠤ᠂ ᠴᠢᠭᠯᠡᠬᠦᠯᠦᠯᠳᠤ ᠴᠢᠨᠠᠷᠲᠠᠢ ᠪᠠᠷ ᠲᠦᠷᠦᠯ ᠵᠦᠢᠯ ᠢ ᠲᠦᠯᠦᠪᠵᠢᠬᠦᠯᠤᠨ᠂ | ᠤᠯᠤᠰ ᠪᠠ ᠦᠪᠡᠷᠳᠡᠬᠡᠨ ᠵᠠᠰᠠᠬᠤ ᠤᠷᠤᠨ ᠤ ᠲᠤᠰᠬᠠᠢ ᠲᠥᠷᠥᠯ ᠤᠨ ᠪᠡᠯᠡ ᠮᠦᠩᠬᠦᠨ ᠤ ᠲᠡᠮᠵᠢᠯᠬᠡ ᠶᠢ | ᠭᠤᠶᠤᠴᠢᠯᠠᠨ ᠤᠯᠵᠦ᠂ ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ ᠬᠦᠴᠦᠯᠡᠴᠡ ᠪᠠᠨ | ᠨᠡᠮᠡᠭᠳᠡᠬᠦᠯᠦᠨ᠂ ᠤᠯᠠᠨ ᠠᠷᠭ᠎ᠠ ᠵᠠᠮ᠂ ᠤᠯᠠᠨ ᠲᠠᠯ᠎ᠠ ᠪᠠᠷ ᠲᠦᠪ ᠤᠨ ᠲᠦᠷᠦ ᠶᠢᠨ ᠪᠣᠳᠣᠯᠭ᠎ᠠ ᠲᠠᠢ ᠨᠡᠶᠢᠴᠡᠭᠰᠡᠨ᠂ | ᠬᠦᠬᠡᠬᠤᠳᠠ ᠶᠢᠨ ᠬᠦᠭᠵᠢᠯᠳᠡ ᠶᠢᠨ ᠱᠠᠳᠤ ᠬᠤᠭᠤᠴᠠᠭ᠎ᠠ ᠳᠤ ᠨᠡᠶᠢᠴᠡᠭᠰᠡᠨ᠂ ᠢᠷᠡᠭᠡᠳᠦᠢ ᠶᠢᠨ ᠬᠥᠭᠵᠢᠯᠲᠡ ᠳᠤ | ᠨᠡᠶᠢᠴᠡᠭᠰᠡᠨ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠤᠷᠤᠭᠤᠯᠤᠨ ᠠᠪᠴᠢᠷᠠᠵᠦ᠂ ᠬᠦᠬᠡᠬᠤᠳᠠ ᠶᠢᠨ | ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠬᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠬᠤ ᠶᠢ | ᠱᠠᠭᠠᠷᠳᠠᠪᠠ᠃ |