ᠵᠠᠩ ᠪᠠᠢ ᠴᠧᠩ ᠮᠠᠨ ᠤ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ᠨᠡᠩ ᠪᠤᠳᠠᠳᠠᠢ ᠶᠢ ᠡᠷᠬᠢᠮᠯᠡᠬᠦ ᠬᠡᠪ ᠰᠤᠷᠳᠠᠯ ᠢᠶᠠᠷ ᠲᠤᠰᠬᠠᠢ ᠲᠡᠮᠡᠴᠡᠯ ᠢ ᠰᠠᠶᠢᠲᠤᠷ ᠬᠢᠵᠦ  ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠬᠦᠷᠲᠡᠮᠵᠢ ᠶᠢᠨ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020-05-14
        ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 5 ᠳ᠋ᠤᠭᠠᠷ ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠭᠦᠨᠵᠡᠭᠡᠶᠢᠷᠡᠨ᠂ ᠮᠠᠨ ᠤ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠪᠠᠶᠢᠳᠠᠯ ᠤᠨ ᠲᠤᠬᠠᠢ ᠮᠠᠭᠠᠳᠯᠠᠯᠲᠠ ᠪᠠ ᠪᠣᠳᠠᠲᠠᠢ ᠪᠠᠶᠢᠷᠢᠯᠠᠭᠤᠯᠤᠯᠲᠠ ᠳᠡᠭᠡᠷ᠎ᠡ ᠨᠢᠭᠡᠳᠦᠭᠦᠯᠵᠦ᠂ ᠨᠡᠩ ᠪᠤᠳᠠᠳᠠᠢ ᠶᠢ ᠡᠷᠬᠢᠮᠯᠡᠬᠦ ᠬᠡᠪ ᠰᠤᠷᠳᠠᠯ ᠢᠶᠠᠷ ᠲᠤᠰᠬᠠᠢ ᠲᠡᠮᠡᠴᠡᠯ ᠢ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠴᠦᠰ ᠤᠨ ᠳᠠᠶᠢᠯᠠᠯᠳᠤᠭᠠᠨ ᠢ ᠰᠢᠢᠳᠪᠦᠷᠢᠲᠡᠢ ᠬᠢᠵᠦ ᠢᠯᠠᠯᠲᠠ ᠣᠯᠬᠤ ᠬᠡᠷᠡᠭᠲᠡᠢ  ᠭᠡᠵᠦ ᠴᠢᠬᠤᠯᠠᠴᠢᠯᠠᠵᠠᠢ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ᠂ ᠵᠠᠩ ᠪᠠᠢ ᠴᠧᠩ ᠣᠳᠣᠬᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠰᠦᠪᠡᠭᠴᠢ ᠶᠢ ᠴᠠᠭᠳᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠣᠷᠭᠤᠳᠤᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠵᠤ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ︽ᠠᠮᠤᠷ ᠠᠮᠤᠭᠤᠯᠠᠩ ᠲᠥᠪ ᠬᠤᠲᠠ︾ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠵᠠᠩ ᠪᠠᠢ ᠴᠧᠩ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠵᠢᠯ ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ  ᠡᠷᠡᠰ ᠡᠭᠦᠷᠭᠡᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ︔ ᠭᠤᠷᠪᠠᠨ ᠵᠢᠯ ᠤᠨ ᠬᠤᠭᠤᠴᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠪᠠᠷᠢᠮᠲᠠᠯᠠᠵᠤ᠂ ᠲᠥᠪ ᠤᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ  ᠢᠶᠠᠨ ᠰᠠᠶᠢᠲᠤᠷ ᠠᠳᠬᠤᠵᠤ᠂ ︽ᠵᠢᠷᠭᠤᠭ᠎ᠠ ᠶᠢ ᠴᠡᠪᠡᠷᠯᠡᠬᠦ︾ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ  ᠢᠶᠠᠨ ᠰᠠᠶᠢᠲᠤᠷ ᠠᠳᠬᠤᠵᠤ᠂ ᠪᠣᠭᠤᠮᠲᠠ ᠰᠢᠪᠲᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠮᠥᠩᠭᠦᠨ ᠭᠦᠢᠯᠭᠡᠭᠡ᠂ ᠠᠭᠤᠷᠬᠠᠶ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠤᠭᠤᠷᠢᠨ᠂ ᠭᠡᠷ ᠭᠠᠵᠠᠷ ᠬᠦᠷᠦᠩᠭᠡ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠪᠠᠷ ᠭᠤᠤᠯᠳᠠᠯᠭ᠎ᠠ ᠪᠣᠯᠭᠠᠵᠤ᠂ ᠠᠵᠢᠯ ᠲᠦᠷᠦᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠩ ᠲᠥᠪ ᠭᠤᠤᠯᠴᠢ᠂ ᠨᠡᠩ ᠡᠮᠬᠢ ᠵᠢᠷᠤᠮ ᠲᠠᠢ᠂ ᠨᠡᠩ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠣᠷᠣᠨ ᠤ ᠲᠥᠪ ᠬᠤᠲᠠ ᠶᠢᠨ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠸᠧᠨ ᠢᠦᠢ᠂ ᠹᠦ᠋ ᠪᠢᠨ᠂ ᠴᠢᠶᠥᠥ ᠶᠦᠨ ᠯᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号