ᠬᠥᠬᠡᠬᠤᠲᠠ ᠶᠢᠨ ᠠᠷᠠᠳ ᠠᠴᠠ ᠡᠷᠬᠢᠯᠡᠭᠰᠡᠨ ᠪᠠ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠠᠩᠬ᠎ᠠ ᠳᠤᠮᠳᠠᠳᠤ ᠳᠤ ᠰᠤᠷᠤᠭᠴᠢ ᠡᠯᠰᠡᠬᠦ ᠠᠵᠢᠯ ᠵᠡᠷᠬᠡ ᠪᠠᠷ ᠶᠠᠪᠤᠭᠳᠠᠨ᠎ᠠ
ᠨᠡᠶᠢᠲᠡᠯᠡᠭᠰᠡᠨ ᠴᠠᠭ᠄
2020-05-14
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 5 ᠰᠠᠷ᠎ᠠ ᠶᠢᠨ 8 ᠤ ᠡᠳᠦᠷ᠂ 2020 ᠣᠨ ᠤ ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠠ᠃ ᠡᠨᠡ ᠵᠢᠯ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ  ᠳᠠᠪᠰᠢᠬᠤ ᠳᠤ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠰᠤᠷᠭᠠᠭᠤᠯᠢ ᠴᠥᠮ ᠠᠳᠠᠯᠢᠬᠠᠨ ᠴᠠᠭ ᠲᠤ ᠨᠢᠭᠡᠳᠦᠯᠲᠡᠶ ᠰᠣᠷᠣᠭᠴᠢ ᠡᠯᠰᠡᠨ᠎ᠡ ᠭᠡᠵᠦ ᠲᠣᠳᠣᠷᠬᠠᠶ ᠲᠣᠭᠲᠠᠭᠠᠪᠠ᠃      ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠵᠡᠷᠭᠡ ᠪᠠᠷ ᠨᠡᠷ᠎ᠡ ᠮᠡᠳᠡᠭᠦᠯᠵᠦ᠂ ᠵᠡᠷᠭᠡ ᠪᠠᠷ ᠡᠯᠰᠡᠵᠦ᠂ ᠵᠡᠷᠭᠡ ᠪᠠᠷ ᠰᠤᠷᠭᠠᠭᠤᠯᠢ ᠶᠢᠨ ᠬᠠᠷᠢᠶ᠎ᠠ ᠪᠠᠷ ᠳᠠᠩᠰᠠᠯᠠᠭᠤᠯᠬᠤ ᠬᠡᠷᠡᠭᠲᠡᠶ᠃ ᠴᠥᠭᠡᠨ ᠲᠣᠭᠠᠨ ᠤ ᠰᠤᠷᠭᠠᠭᠤᠯᠢ ᠶᠢᠨ ᠲᠣᠭᠲᠠᠭᠠᠯ ᠠᠴᠠ ᠵᠥᠷᠢᠴᠡᠨ ᠤᠷᠢᠳᠴᠢᠯᠠᠨ ᠰᠤᠷᠤᠯᠭ᠎ᠠ ᠰᠠᠶᠢᠨ ᠰᠤᠷᠤᠭᠴᠢ ᠡᠯᠰᠡᠬᠦ ᠠᠵᠢᠯᠯᠠᠭ᠎ᠠ ᠶᠢ ᠬᠤᠷᠢᠬᠯᠠᠨ᠂ ᠰᠤᠷᠤᠭᠴᠢ ᠡᠯᠰᠡᠬᠦ ᠬᠡᠪ ᠤᠨ ᠡᠮᠬᠢ ᠵᠢᠷᠤᠮ ᠢ ᠪᠠᠲᠤᠯᠠᠨ᠎ᠠ᠃      7 ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠡ᠂ ᠠᠷᠠᠳ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠺᠣᠮᠫᠢᠦ᠋ᠲ᠋ᠧᠷ ᠢᠶᠠᠷ ᠰᠣᠩᠭᠤᠨ ᠣᠷᠣᠨ ᠪᠠᠶᠢᠷᠢ ᠲᠣᠭᠲᠠᠭᠠᠨ ᠡᠯᠰᠡᠨ᠎ᠡ᠂ 13 ᠤ ᠡᠳᠦᠷ ᠠᠴᠠ 19 ᠤ ᠡᠳᠦᠷ ᠪᠣᠯᠲᠠᠯ᠎ᠠ᠂ ᠬᠤᠲᠠ ᠵᠢᠨ‌‍ᠲ᠋ᠥ᠋ᠷᠪᠡᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠺᠣᠮᠫᠢᠦ᠋ᠲ᠋ᠧᠷ ᠢᠶᠠᠷ ᠰᠤᠩᠭᠤᠨ ᠤᠷᠤᠨ ᠪᠠᠶᠢᠷᠢ ᠳᠤᠭᠳᠠᠭᠠᠨ ᠡᠯᠰᠡᠭᠰᠡᠨ ᠤ ᠳᠠᠷᠠᠭᠠᠬᠢ ᠡᠯ᠎ᠡ ᠰᠤᠷᠭᠠᠭᠤᠯᠢ ᠶᠢᠨ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ᠂ ᠡᠯᠰᠡᠭᠳᠡᠭᠰᠡᠨ ᠥᠬᠡᠶ ᠰᠣᠷᠣᠭᠴᠢ ᠶᠢ ᠨᠢᠭᠡᠳᠦᠯᠲᠡᠶ ᠲᠥᠯᠥᠪᠯᠡᠨ ᠰᠤᠷᠭᠠᠭᠤᠯᠢ ᠳᠤ ᠣᠷᠣᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号