| | | | | | | | | | | | | | | | | | 2020 ᠣᠨ ᠤ 5 ᠳ᠋ᠤᠭᠠᠷ ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠠᠴᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠥᠬᠦᠶ ᠬᠥᠮᠦᠰ ᠲᠠᠢ ᠬᠠᠷᠢᠯᠴᠠᠵᠤ᠂ ᠰᠠᠶᠢᠨ | ᠳᠤᠷ᠎ᠠ ᠶᠢᠨ ᠠᠵᠢᠯᠲᠠᠨ ᠤ ᠪᠦᠯᠬᠦᠮ ᠪᠠᠶᠢᠭᠤᠯᠤᠨ ᠮᠠᠨ ᠤ ᠰᠢᠶᠠᠩ ᠳᠤ ᠬᠦᠷᠴᠦ ᠡᠮᠴᠢᠯᠡᠭᠡ ᠬᠦᠷᠭᠡᠵᠦ᠂ ᠡᠮ | ᠬᠦᠷᠭᠡᠨ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠪᠡ᠃ | ᠰᠠᠶᠢᠨ ᠳᠤᠷᠠᠴᠤᠳ ᠤᠨ ᠪᠦᠯᠬᠦᠮ ᠨᠢ 15 ᠬᠥᠮᠦᠨ ᠢᠶᠠᠷ ᠪᠦᠷᠢᠯᠳᠦᠵᠦ᠂ ᠡᠤ ᠹᠧᠨ ᠽᠢ ᠲᠣᠰᠬᠤᠨ ᠤ | ᠠᠷᠠᠳ ᠤᠨ ᠵᠥᠪᠯᠡᠯ ᠤᠨ ᠵᠣᠯ ᠵᠢᠷᠭᠠᠯ ᠤᠨ ᠬᠦᠷᠢᠶᠡᠯᠡᠩ ᠳᠤ ᠲᠣᠰᠬᠤᠨ ᠳᠤ ᠬᠤᠴᠤᠷᠤᠭᠰᠠᠨ ᠥᠨᠥᠴᠢᠨ ᠪᠡᠯᠪᠡᠰᠦᠨ | ᠨᠠᠰᠤᠲᠠᠨ ᠤ ᠦᠰᠦ ᠶᠢ ᠵᠠᠰᠠᠵᠤ᠂ ᠬᠦᠷᠢᠶ᠎ᠡ ᠬᠠᠰᠢᠶ᠎ᠠ ᠶᠢ ᠨᠢ ᠴᠡᠪᠡᠷᠯᠡᠪᠡ᠃ ᠡᠷᠦᠬᠡ ᠳᠤ ᠣᠷᠣᠵᠤ ᠶᠠᠳᠠᠭᠤ | ᠬᠦᠴᠢᠷᠳᠡᠯᠲᠡᠶ ᠡᠷᠦᠬᠡ᠂ ᠲᠠᠪᠤᠨ ᠪᠠᠲᠤᠯᠠᠭᠠᠲᠤ ᠡᠷᠦᠬᠡ ᠵᠡᠷᠭᠡ ᠬᠥᠮᠦᠰ ᠤᠨ ᠴᠢᠰᠤᠨ ᠤ ᠰᠢᠬᠢᠷᠯᠢᠭ ᠴᠢᠰᠤᠨ | ᠳᠠᠷᠤᠯᠲᠠ ᠶᠢ ᠬᠡᠮᠵᠢᠵᠦ᠂ ᠲᠤᠬᠠᠶ ᠶᠢᠨ ᠲᠠᠯᠠᠪᠤᠷ ᠲᠤ ᠨᠢ ᠡᠮᠴᠢᠯᠡᠭᠡ ᠪᠠ ᠡᠮ ᠬᠦᠷᠭᠡᠬᠦ ᠠᠵᠢᠯᠯᠠᠭ᠎ᠠ ᠥᠷᠨᠢᠭᠦᠯᠬᠦ ᠶᠢᠨ | ᠬᠠᠮᠲᠤ ᠡᠪᠡᠳᠴᠢᠯᠡᠭᠰᠡᠨ ᠣᠯᠠᠨ ᠲᠦᠮᠡᠨ ᠳᠤ ᠡᠩ ᠤᠨ ᠡᠮᠴᠢᠯᠡᠭᠡᠨ ᠤ ᠮᠡᠳᠡᠯᠭᠡ ᠵᠢᠴᠢ ᠢᠳᠡᠭᠡᠨ ᠤᠮᠳᠠᠭᠠᠨ ᠤ ᠠᠮᠤᠷ | ᠲᠦᠪᠰᠢᠨ ᠢ ᠨᠠᠷᠢᠨ ᠲᠣᠳᠣᠷᠬᠠᠶ ᠲᠠᠶᠢᠯᠪᠤᠷᠢᠯᠠᠵᠤ ᠥᠭᠴᠡᠶ᠃ |