ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠬᠤ ᠠᠵᠢᠯ ᠤᠨ ᠰᠠᠭᠤᠳᠠᠯ ‍ᠤᠨ‌ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-15
ᠵᠠᠩ ᠪᠠᠢ ᠴᠧᠩ ᠶᠠᠷᠢᠶ᠎ᠠ ᠲᠠᠯᠪᠢᠵᠤ  ᠯᠥᠸᠧ ᠴᠢᠩ ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ ᠂ ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠬᠤ ᠠᠵᠢᠯ ᠤᠨ ᠰᠠᠭᠤᠳᠠᠯ ‍ᠤᠨ‌ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠲᠤᠰᠬᠠᠢ  ᠮᠡᠷᠭᠡᠵᠢᠯᠲᠡᠨ ᠭᠡᠰᠢᠭᠦᠨ ᠤ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠦᠨᠳᠦᠰᠦᠨ ᠰᠡᠳᠬᠢᠮᠵᠢ ᠪᠠ ᠪᠦᠳᠦᠭᠦᠪᠴᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠬᠤ ᠦᠨᠳᠦᠰᠦᠨ ᠰᠡᠳᠬᠢᠮᠵᠢ ᠶᠢ ᠰᠤᠳᠤᠯᠤᠨ ᠶᠠᠷᠢᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭᠠᠬᠢ᠂ ᠰᠢᠨ᠎ᠡ ᠲᠡᠦᠭᠡᠨ ᠱᠠᠲᠤ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠶᠠᠨ ᠵᠠᠮ ᠳᠠᠬᠢ ᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠬᠠᠨ ᠨᠠᠶᠢᠷᠠᠭᠤᠯᠬᠤ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠳᠤ ︽ᠠᠭᠤᠯᠭ᠎ᠠ ᠶᠢ ᠠᠳᠬᠤᠬᠤ︾ ᠠᠰᠠᠭᠤᠳᠠᠯ ᠢ ᠰᠠᠶᠢᠬᠠᠨ ᠰᠢᠢᠳᠪᠦᠷᠢᠯᠡᠬᠦ ᠬᠡᠷᠡᠭᠲᠡᠢ᠃ ᠴᠢᠭᠯᠡᠯ ᠢ ᠰᠠᠶᠢᠲᠤᠷ ᠠᠳᠬᠤᠬᠤ ᠬᠡᠷᠡᠭᠲᠡᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠠᠵᠢᠯ ᠴᠠᠭ ᠢᠮᠠᠭᠲᠠ ᠵᠥᠪ ᠣᠨᠣᠪᠴᠢᠲᠠᠢ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠬᠠᠨᠳᠤᠰᠢ ᠶᠢ ᠰᠠᠶᠢᠲᠤᠷ ᠠᠳᠬᠤᠬᠤ ᠬᠡᠷᠡᠭᠲᠡᠢ᠂ ᠣᠯᠠᠨ ᠤᠯᠤᠰ᠂ ᠪᠦᠬᠦ ᠤᠯᠤᠰ᠂ ᠪᠦᠬᠦ ᠣᠷᠣᠨ ᠤ ᠬᠥᠭᠵᠢᠯᠲᠡ ᠶᠢᠨ ᠬᠠᠨᠳᠤᠰᠢ ᠲᠠᠢ ᠨᠢᠭᠲᠠ ᠤᠶᠠᠯᠳᠤᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠬᠠᠨᠳᠤᠰᠢ ᠶᠢᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠲᠠᠢ ᠨᠢᠭᠲᠠ ᠤᠶᠠᠯᠳᠤᠭᠤᠯᠬᠤ ᠬᠡᠷᠡᠭᠲᠡᠢ︔ ᠪᠠᠶᠢᠷᠢ ᠲᠣᠭᠲᠠᠭᠠᠯᠲᠠ ᠶᠢ ᠰᠠᠶᠢᠲᠤᠷ ᠠᠳᠬᠤᠬᠤ ᠬᠡᠷᠡᠭᠲᠡᠢ᠂ ᠲᠥᠪ ᠬᠤᠲᠠ ᠶᠢᠨ ᠪᠠᠶᠢᠷᠢ ᠲᠣᠭᠲᠠᠭᠠᠯᠲᠠ ᠵᠢᠴᠢ ᠣᠷᠣᠰᠢᠵᠤ ᠪᠠᠶᠢᠭ᠎ᠠ ᠲᠡᠦᠬᠡ ᠶᠢᠨ ᠣᠷᠣᠨ ᠪᠠᠶᠢᠷᠢ ᠲᠠᠢ ᠨᠢᠭᠲᠠ ᠤᠶᠠᠯᠳᠤᠭᠤᠯᠵᠤ᠂ ᠲᠥᠯᠥᠪᠵᠢᠭᠦᠯᠭᠡ ᠶᠢ ᠵᠢᠪ ᠵᠢᠩᠬᠢᠨᠢ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠵᠢᠯᠣᠭᠤᠳᠬᠤ ᠵᠥᠭᠯᠡᠭᠦᠷ ᠪᠠ ᠠᠵᠢᠯᠯᠠᠭ᠎ᠠ ᠶᠢᠨ ᠬᠥᠲᠥᠯᠪᠦᠷᠢ ᠪᠣᠯᠭᠠᠬᠤ ᠬᠡᠷᠡᠭᠲᠡᠢ︔ ᠳᠠᠪᠠᠭᠤᠯᠢᠭ ᠢᠶᠠᠨ ᠰᠠᠶᠢᠲᠤᠷ ᠠᠳᠬᠤᠬᠤ ᠬᠡᠷᠡᠭᠲᠡᠢ᠂ ᠬᠥᠬᠡᠬᠤᠲᠠ ᠳᠤ ᠪᠦᠬᠦ ᠲᠠᠯ᠎ᠠ ᠶᠢᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠲᠣᠳᠣᠷᠬᠠᠢ ᠣᠶᠢᠯᠠᠭᠠᠯᠲᠠ ᠲᠠᠢ ᠪᠣᠯᠵᠤ᠂ ᠲᠥᠪ ᠬᠤᠲᠠ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠳᠠᠪᠠᠭᠤᠯᠢᠭ ᠢ ᠢᠯᠡᠷᠡᠭᠦᠯᠬᠦ ᠬᠡᠷᠡᠭᠲᠡᠢ︔ ᠭᠤᠣᠯ ᠢ ᠰᠠᠶᠢᠲᠤᠷ ᠠᠳᠬᠤᠬᠤ ᠬᠡᠷᠡᠭᠲᠡᠢ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ ᠭᠠᠷᠤᠭ᠎ᠠ ᠪᠠ ᠦᠷ᠎ᠡ ᠳ᠋ᠦᠩ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠵᠣᠬᠢᠬᠤ ᠬᠡᠮᠵᠢᠶ᠎ᠡ ᠪᠠᠷ ᠤᠷᠢᠲᠠᠬᠤ ᠬᠢᠭᠡᠳ ᠭᠠᠵᠠᠷ ᠣᠷᠣᠨ ᠳᠤᠨᠢ ᠲᠣᠬᠢᠷᠠᠭᠤᠯᠬᠤ᠂ ᠦᠨᠡᠨ ᠠᠴᠠ ᠵᠥᠪ ᠢ ᠡᠷᠢᠬᠦ ᠶᠢᠨ ᠬᠠᠷᠢᠴᠠᠭ᠎ᠠ ᠶᠢ ᠰᠠᠶᠢᠲᠤᠷ ᠠᠳᠬᠤᠵᠤ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠴᠢᠩᠭ᠎ᠠ ᠨᠢᠮᠪᠠᠢ ᠴᠢᠨᠠᠷ ᠢ ᠪᠠᠲᠤᠯᠠᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ︽ᠲᠥᠯᠥᠪᠵᠢᠭᠦᠯᠭᠡ ᠶᠢ ᠵᠣᠯᠭᠠᠭᠤᠯᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠵᠡᠷᠭᠡ ᠲᠤᠰᠬᠠᠢ ᠲᠥᠷᠥᠯ ᠤᠨ ᠲᠥᠯᠥᠪᠵᠢᠭᠦᠯᠭᠡ ᠯᠦᠭᠡ ᠤᠷᠭᠠᠨᠢᠭ ᠢᠶᠠᠷ ᠵᠣᠯᠭᠠᠭᠤᠯᠤᠨ᠂ ᠪᠦᠬᠦ ᠬᠤᠲᠠ ᠶᠢᠨ ᠡᠯ᠎ᠡ ᠲᠥᠷᠥᠯ ᠤᠨ ᠲᠤᠰᠬᠠᠢ ᠲᠥᠷᠥᠯ ᠤᠨ ᠲᠥᠯᠥᠪᠵᠢᠭᠦᠯᠭᠡ ᠯᠦᠭᠡ ᠤᠷᠭᠠᠨᠢᠭ ᠢᠶᠠᠷ ᠵᠣᠯᠭᠠᠭᠤᠯᠬᠤ ᠶᠢᠨ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠭᠡ ᠶᠢ ᠪᠦᠬᠦ ᠬᠤᠲᠠ ᠶᠢᠨ ᠲᠥᠯᠥᠪᠵᠢᠭᠦᠯᠭᠡ ᠯᠦᠭᠡ ᠤᠷᠭᠠᠨᠢᠭ ᠢᠶᠠᠷ ᠵᠣᠯᠭᠠᠭᠤᠯᠵᠤ᠂ ᠪᠦᠬᠦ ᠬᠤᠲᠠ ᠶᠢᠨ ᠲᠥᠯᠥᠪᠵᠢᠭᠦᠯᠭᠡ ᠶᠢᠨ ︽ᠨᠢᠭᠡ ᠬᠥᠯᠭᠡ ᠰᠢᠲᠠᠷ᠎ᠠ︾ ᠶᠢ ᠪᠦᠷᠢᠯᠳᠦᠭᠦᠯᠬᠦ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ︽ᠠᠵᠢᠯ ᠤᠨ ᠪᠠᠲᠤᠯᠠᠭ᠎ᠠ︾ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠯᠴᠠᠨ ᠬᠠᠮᠵᠢᠯᠴᠠᠵᠤ᠂ ᠲᠥᠯᠥᠪᠵᠢᠭᠦᠯᠭᠡ ᠶᠢ ᠡᠭᠦᠳᠡ ᠪᠠᠨ ᠨᠡᠭᠡᠭᠡᠨ ᠨᠠᠶᠢᠷᠠᠭᠤᠯᠵᠤ᠂ ᠨᠢᠭᠡᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ᠂ ᠮᠠᠨ ᠤ ᠬᠤᠲᠠ ᠶᠢᠨ ᠪᠣᠳᠠᠲᠠᠢ ᠲᠠᠢ ᠨᠡᠶᠢᠴᠡᠭᠰᠡᠨ᠂ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠷᠠᠭᠤᠯᠤᠭᠰᠠᠨ᠂ ᠢᠷᠡᠭᠡᠳᠦᠢ ᠶᠢᠨ ᠬᠥᠭᠵᠢᠯᠲᠡ ᠶᠢ ᠬᠥᠲᠥᠯᠥᠭᠰᠡᠨ ᠴᠢᠨᠠᠷ ᠰᠠᠶᠢᠲᠠᠢ ᠲᠥᠯᠥᠪᠵᠢᠭᠦᠯᠭᠡ ᠶᠢ ᠪᠦᠷᠢᠯᠳᠦᠭᠦᠯᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠥᠸᠧ ᠴᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠳᠤ ᠣᠷᠣᠯᠴᠠᠪᠠ᠃      ᠬᠤᠷᠠᠯ ᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠸᠧᠨ ᠢᠦᠢ ᠡᠷᠬᠢᠯᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ  ᠥ᠋ ᠸᠧᠨ ᠮᠢᠩ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号