ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠮᠣᠩᠭᠤᠯ ᠤᠯᠤᠰ ᠤᠨ ᠦᠵᠡᠰᠬᠦᠯᠡᠩ ᠤᠨ | ᠴᠤᠭᠯᠠᠭᠠᠨ ᠤ ᠡᠯ᠎ᠡ ᠵᠣᠶᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 5 | ᠳ᠋ᠤᠭᠠᠷ ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠳᠠᠷᠤᠭ᠎ᠠ ᠲᠢᠶᠠᠨ ᠶᠦᠩ ᠠᠩᠭᠢ ᠳᠠᠭᠠᠭᠤᠯᠤᠨ᠂ ᠬᠤᠳᠠᠯᠳᠤᠭᠠᠨ ᠤ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ ᠸᠠᠩ ᠸᠧᠨ ᠵᠢᠶᠧ᠂ ᠳᠡᠳ᠋ ᠲᠢᠩᠬᠢᠮ ᠤᠨ ᠳᠠᠷᠤᠭ᠎ᠠ ᠱᠠᠩ ᡁᠢ ᠴᠢᠶᠠᠩ ᠨᠠᠷ | ᠬᠥᠬᠡᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠶᠢᠨ ᠳᠠᠷᠤᠭ᠎ᠠ ᠯᠢ ᠬᠤᠩ ᠤᠨ ᠪᠠᠷ᠎ᠠ ᠪᠤᠯᠤᠯᠭ᠎ᠠ ᠲᠠᠢ ᠪᠠᠷ ᠰᠢᠨ᠎ᠡ ᠬᠤᠲᠠ ᠲᠣᠭᠤᠷᠢᠭ ᠤᠨ ᠴᠡᠯᠡᠭᠡᠷ | ᠲᠠᠯ᠎ᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠤᠪᠤᠭ᠎ᠠ ᠲᠣᠰᠬᠤᠨ᠂ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠬᠤᠷᠠᠯ ᠤᠨ ᠲᠥᠪ ᠲᠤ ᠭᠦᠨᠵᠡᠭᠡᠶᠢᠷᠡᠨ ᠲᠠᠯᠠᠪᠠᠶ ᠣᠷᠳᠣᠨ ᠤ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠢᠩᠬᠢᠮ ᠤᠨ ᠳᠠᠷᠤᠭ᠎ᠠ ᠲᠢᠶᠠᠨ ᠶᠦᠩ | ᠴᠢᠬᠤᠯᠠᠴᠢᠯᠠᠭᠰᠠᠨ ᠨᠢ᠂ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠵᠢᠯ ᠤᠨ ᠳᠣᠲᠣᠷ᠎ᠠ ᠡᠯ᠎ᠡ ᠲᠥᠷᠥᠯ ᠤᠨ ᠬᠤᠷᠠᠯ ᠦᠵᠡᠰᠬᠦᠯᠡᠩ ᠡᠷᠬᠢᠯᠡᠬᠦ ᠨᠥᠬᠦᠴᠡᠯ ᠢ ᠪᠦᠷᠢᠯᠳᠦᠭᠦᠯᠬᠦ ᠶᠢᠨ ᠬᠠᠮᠲᠤ | ᠬᠠᠮᠢᠶ᠎ᠠ ᠪᠦᠬᠦᠢ ᠬᠤᠷᠠᠯ ᠦᠵᠡᠰᠬᠦᠯᠡᠩ ᠡᠷᠬᠢᠯᠡᠬᠦ ᠪᠠᠷ ᠴᠢᠷᠮᠠᠶᠢᠨ᠎ᠠ ᠭᠡᠪᠡ᠃ ᠰᠢᠨ᠎ᠡ ᠬᠤᠲᠠ ᠲᠣᠭᠤᠷᠢᠭ ᠤᠨ | ᠳᠠᠷᠤᠭ᠎ᠠ ᠹᠠᠨ ᡁᠢ ᠵᠥᠩ᠂ ᠳᠡᠳ᠋ ᠳᠠᠷᠤᠭ᠎ᠠ ᠰᠢᠤᠢ ᠰᠢᠶᠠᠩ ᠵᠢᠶᠦ᠋ᠨ᠂ ᠳᠡᠳ᠋ ᠳᠠᠷᠤᠭ᠎ᠠ ᠵᠣᠣ ᠶᠠᠨ ᠷᠦ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | | | | | | | | | | |