ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-18
ᠵᠠᠩ ᠪᠠᠢ ᠴᠧᠩ ᠡᠷᠬᠢᠯᠡᠵᠦ  ᠾᠧ ᠬᠠᠢ ᠳ᠋ᠦᠩ ᠣᠷᠣᠯᠴᠠᠪᠠ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 40 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠤᠭᠲᠠᠴᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠠᠩ ᠪᠠᠢ ᠴᠧᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂  ᠤᠳᠤᠬᠠᠨ ᠳᠤ ᠪᠦᠬᠦ ᠤᠯᠤᠰ ᠤᠨ  ᠬᠢᠵᠢᠭ ᠤᠨ  ᠪᠠᠶᠢᠳᠠᠯ ᠢ  ᠰᠡᠷᠭᠡᠶᠢᠯᠡᠨ  ᠡᠵᠡᠮᠳᠡᠵᠦ ᠪᠠᠶᠢᠭ᠎ᠠ ᠪᠠᠶᠢᠳᠠᠯ ᠶᠡᠷᠦᠩᠬᠡᠢ ᠳᠡᠭᠡᠨ ᠰᠠᠶᠢᠵᠢᠷᠠᠵᠤ ᠪᠠᠶᠢᠨ᠎ᠠ  ᠂ ᠭᠡᠪᠡᠴᠦ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠮᠥᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠮ ᠤᠨ ᠬᠤᠭᠤᠴᠠᠭᠠᠨ ᠤ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠲᠥᠪ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠣᠷᠴᠢᠮ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠠᠴᠠ ᠰᠤᠷᠭᠠᠮᠵᠢ ᠠᠪᠴᠤ᠂ ᠨᠢᠭᠡ ᠠᠴᠠ ᠵᠦᠢᠴᠢᠯᠡᠨ ᠣᠯᠠᠨ ᠢ ᠮᠡᠳᠡᠵᠦ᠂ ᠲᠤᠰ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠶᠢᠨ ᠴᠣᠭᠤᠷᠬᠠᠢ ᠶᠢ ᠲᠠᠬᠢᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠪᠠᠨ ᠲᠠᠬᠢᠨᠲᠠ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠨ ᠲᠠᠬᠢᠨᠲᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠦᠵᠡᠭᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ  ᠰᠡᠳᠬᠢᠯᠭᠡ᠂ ᠭᠤᠷᠢᠳᠠᠬᠤ ᠪᠣᠳᠣᠯ  ᠂ ᠰᠤᠯᠠᠷᠠᠬᠤ ᠪᠠᠶᠢᠳᠠᠯ ᠢ ᠡᠷᠡᠰ ᠲᠡᠪᠴᠢᠵᠦ᠂ ᠭᠠᠳᠠᠨ᠎ᠠ ᠪᠠᠨ ᠣᠷᠣᠵᠤ ᠢᠷᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠴᠠᠭ ᠢᠮᠠᠭᠲᠠ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃ ᠣᠯᠠᠨ ᠤᠯᠤᠰ ᠤᠨ ᠨᠢᠰᠬᠡᠯ ᠢ ᠬᠤᠪᠢᠶᠠᠨ ᠲᠠᠷᠬᠠᠭᠠᠬᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠶᠠᠮᠠᠷᠴᠤ  ᠣᠰᠣᠯ ᠠᠯᠳᠠᠭ᠎ᠠ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠴᠢᠳᠠᠪᠤᠷᠢ ᠪᠠᠨ ᠴᠢᠩᠭᠠᠳᠬᠠᠨ᠂ ᠭᠤᠣᠯᠳᠠᠯᠭ᠎ᠠ ᠲᠠᠢ ᠬᠥᠮᠥᠰ ᠤᠨ ᠪᠠᠶᠢᠴᠠᠭᠠᠬᠤ ᠴᠢᠬᠤᠯᠠᠲᠠᠢ ᠶᠢ ᠪᠦᠬᠦᠨ ᠢ ᠪᠠᠶᠢᠴᠠᠭᠠᠵᠤ᠂ ᠪᠤᠰᠤᠳ ᠬᠥᠮᠥᠰ ᠤᠨ ᠪᠠᠶᠢᠴᠠᠭᠠᠬᠤ ᠳᠤᠷᠠᠲᠠᠢ ᠶᠢ ᠪᠦᠬᠦᠨ ᠢ ᠪᠠᠶᠢᠴᠠᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠦᠨᠡᠨ ᠬᠦ  ᠴᠢᠩᠭᠠᠳᠬᠠᠵᠤ᠂ ᠰᠡᠷᠭᠡᠭ ᠮᠡᠳᠡᠭᠡ ᠵᠠᠩᠭᠢ ᠶᠢ ᠬᠦᠷᠭᠡᠬᠦ᠂ ᠳᠠᠮᠵᠢᠭᠤᠯᠬᠤ᠂ ᠬᠦᠯᠢᠶᠡᠵᠦ ᠠᠪᠬᠤ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠪᠠᠳᠤᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠤᠨ᠂ ᠪᠣᠳᠠᠲᠠᠢ ᠲᠣᠬᠢᠷᠠᠭᠤᠯᠤᠯᠲᠠ ᠬᠢᠵᠡᠢ᠃     ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠵᠡᠷᠭᠡ ᠵᠢᠯᠣᠭᠤᠳᠬᠤ ᠭᠠᠵᠠᠷ ᠤᠨ ᠭᠡᠰᠢᠭᠦᠳ ᠵᠢᠴᠢ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号