ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠲᠤᠰᠬᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ  ᠨᠢ ᠠᠰᠠᠭᠤᠳᠠᠯ ᠢ ᠲᠡᠷᠡ ᠶᠤᠰᠤᠭᠠᠷ ᠨᠢ ᠴᠡᠭᠴᠡᠯᠡᠨ ᠰᠠᠶᠢᠵᠢᠷᠠᠭᠤᠯᠬᠤ ᠶᠢ  ᠴᠢᠩᠭ᠎ᠠ ᠠᠳᠬᠤᠵᠤ ᠬᠢᠬᠦ ᠦᠭᠡᠢ ᠤᠳᠠᠭᠠᠨ ᠬᠢᠬᠦ ᠳᠤᠷ᠎ᠠ ᠪᠠᠷ ᠬᠢᠬᠦ ᠠᠰᠠᠭᠤᠳᠠᠯ ᠢ ᠡᠷᠡᠰ ᠲᠡᠪᠴᠢᠬᠦ ᠬᠡᠷᠡᠭᠲᠡᠢ
ᠨᠡᠶᠢᠲᠡᠯᠡᠭᠰᠡᠨ ᠴᠠᠭ᠄
2020-05-18
ᠵᠠᠩ ᠪᠠᠢ ᠴᠧᠩ ᠡᠷᠬᠢᠯᠡᠵᠦ ᠯᠥᠸᠧ ᠴᠢᠩ ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 17 ᠤ  ᠡᠳᠦᠷ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠲᠤᠰᠬᠠᠬᠤ ᠬᠤᠷᠠᠯ ᠮᠠᠨ ᠤ ᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ  ᠬᠤᠷᠠᠯ ᠳᠤ ᠣᠷᠣᠯᠴᠠᠵᠤ ᠣᠪᠣᠷ ᠢᠶᠠᠨ ᠢᠯᠡᠳᠬᠡᠬᠦ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠦᠴᠢᠷ  ᠲᠠᠢ ᠲᠤᠯᠤᠨ᠂ ᠨᠠᠷᠢᠨ ᠬᠢᠨᠠᠮᠠᠭᠠᠢ ᠬᠠᠨᠳᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ   ᠪᠠᠷ᠂ ᠲᠤᠶᠢᠯᠳᠠᠩᠭᠤᠲᠠ ᠲᠤᠷᠳᠤᠨ ᠬᠢᠬᠦ ᠦᠭᠡᠢ᠂  ᠨᠦᠬᠦᠴᠡᠯ ᠲᠤᠷᠠᠳᠬᠤ ᠦᠭᠡᠢ  ᠂ ᠬᠢᠬᠦ ᠦᠭᠡᠢ ᠤᠳᠠᠭᠠᠨ ᠬᠢᠬᠦ ᠳᠤᠷ᠎ᠠ ᠪᠠᠷ ᠬᠢᠬᠦ  ᠠᠰᠠᠭᠤᠳᠠᠯ ᠢ ᠡᠷᠡᠰ  ᠲᠡᠪᠴᠢᠵᠦ᠂  ᠪᠣᠳᠠᠲᠤ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ  ᠬᠠᠷᠢᠭᠤᠴᠠᠯᠭ᠎ᠠ ᠡᠭᠦᠷᠭᠡᠯᠡᠬᠦ  ᠶᠢ ᠲᠠᠶᠢᠯᠪᠤᠷᠢᠯᠠᠨ᠂ ︽ᠬᠤᠶᠠᠷ ᠢ ᠬᠠᠮᠠᠭᠠᠯᠠᠵᠤ︾ ᠂ ᠪᠣᠬᠢᠷᠲᠤᠯ ᠢ ᠰᠡᠷᠭᠡᠶᠢᠯᠡᠨ ᠵᠠᠰᠠᠬᠤ ᠡᠨᠡ ᠬᠦ ︽ ᠡᠷᠬᠢᠯᠲᠡ ᠶᠢᠨ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠳᠠ ᠶᠢᠨ ᠰᠢᠮᠳᠠᠭᠤᠯᠤᠨ  ᠪᠠᠶᠢᠴᠠᠭᠠᠯᠳᠠ ᠶᠢᠨ ᠨᠢᠭᠡᠳᠦᠭᠡᠷ ᠳᠤᠭᠤᠶᠢᠯᠠᠩ ᠤᠨ ᠳᠠᠷᠤᠭ᠎ᠠ ᠮᠢᠶᠥᠥ ᠶᠢᠨ ᠵᠣ᠋ ᠶᠢᠨ ᠨᠠᠶᠢᠳᠠᠯᠭ᠎ᠠ ᠪᠠᠷ᠂ ᠳᠤᠭᠤᠶᠢᠯᠠᠩ ᠤᠨ ᠳᠡᠳ᠋ ᠳᠠᠷᠤᠭ᠎ᠠ ᠮᠥᠸᠧ ᠰᠢᠶᠥᠥ ᠯᠢᠶᠠᠨ ᠰᠢᠮᠳᠠᠭᠤᠯᠤᠨ ᠪᠠᠶᠢᠴᠠᠭᠠᠭᠰᠠᠨ‌‍ᠰᠠᠨᠠᠯ ᠢ ᠵᠠᠷᠯᠠᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ  ᠲᠤᠭᠲᠠᠯ ᠬᠦᠴᠦᠨ ᠢᠶᠠᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠤᠯᠭᠠᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠡᠰ ᠭᠤᠶᠢᠪᠢᠰᠢ ᠦᠭᠡᠢ ᠵᠠᠮᠨᠠᠨ ᠭᠠᠷᠭᠠᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠭᠦᠯ ᠬᠤᠷᠢᠶᠠᠬᠤ ᠵᠢᠯ ᠪᠣᠯᠣᠨ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ  ᠴᠡᠭᠴᠡᠯᠡᠨ ᠰᠠᠶᠢᠵᠢᠷᠠᠭᠤᠯᠤᠭᠰᠠᠨ ᠢ ᠰᠢᠯᠭᠠᠨ ᠠᠪᠬᠤ ᠵᠢᠯ ᠪᠤᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠦᠨᠵᠡᠭᠡᠢ ᠡᠷᠭᠢᠴᠡᠭᠦᠯᠦᠨ ᠰᠡᠷᠡᠮᠵᠢᠯᠡᠨ ᠤᠬᠠᠭᠠᠷᠠᠵᠤ᠂ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠪᠠᠷ ᠦᠨᠡᠨ ᠬᠦ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ  ᠠᠮᠤᠷ ᠲᠦᠪᠰᠢᠨ  ᠤ ᠬᠠᠯᠬᠠᠪᠴᠢ ᠶᠢᠨ ᠬᠠᠮᠠᠭᠠᠯᠠᠭᠴᠢ ᠶᠢᠨ ᠪᠣᠳᠠᠲᠠᠢ ᠠᠵᠢᠯᠯᠠᠭ᠎ᠠ ᠪᠣᠯᠭᠠᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠥᠪᠡᠷ ᠢᠶᠠᠨ ᠣᠷᠣᠯᠴᠠᠨ᠂ ᠥᠪᠡᠷ ᠢᠶᠠᠨ ᠲᠣᠬᠢᠷᠠᠭᠤᠯᠵᠤ᠂ ᠲᠥᠰᠥᠯ ᠢ ᠨᠠᠷᠢᠯᠢᠭᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ   ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠮᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠱᠠᠲᠤ ᠱᠠᠲᠤ ᠪᠠᠷ ᠴᠢᠩᠭᠠᠯᠠᠨ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠴᠡᠭᠴᠡᠯᠡᠨ ᠰᠠᠶᠢᠵᠢᠷᠠᠭᠤᠯᠬᠤ  ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠂ ᠬᠤᠲᠠ ᠶᠢᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠬᠦᠨᠵᠡᠭᠡᠶᠢᠷᠡᠨ ᠲᠣᠬᠢᠷᠠᠭᠤᠯᠤᠯᠲᠠ ᠬᠢᠵᠦ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠥᠪᠡᠷ ᠤᠨ ᠪᠡᠶ᠎ᠡ ᠪᠠᠷ ᠢᠶᠠᠨ ᠠᠳᠬᠤᠨ ᠥᠪᠡᠷ ᠤᠨ ᠪᠡᠶ᠎ᠡ ᠪᠠᠷ ᠢᠶᠠᠨ ᠬᠠᠮᠢᠶᠠᠷᠴᠤ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠠᠷᠠᠳ ᠣᠯᠠᠨ ᠲᠦᠮᠡᠨ ᠤ ︽ᠰᠠᠨᠠᠭᠠᠨ ᠤ ᠵᠣᠪᠠᠯᠠᠩ︾ ᠢ ᠰᠢᠢᠳᠪᠦᠷᠢᠯᠡᠬᠦ ᠶᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠬᠠᠮᠤᠭ ᠤᠨ ᠶᠡᠭᠡ  ᠡᠷᠡᠰ ᠵᠣᠷᠢᠭ ᠪᠠ ᠬᠠᠮᠤᠭ ᠤᠨ ᠴᠢᠩᠭ᠎ᠠ ᠠᠵᠢᠯ ᠤᠨ ᠬᠦᠴᠦᠯᠡᠴᠡ ᠪᠠᠷ ᠬᠥᠬᠡᠬᠤᠲᠠ ᠶᠢᠨ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠨᠡᠨ ᠥᠭᠡᠷᠡᠴᠢᠯᠡᠬᠦ ᠪᠣᠳᠠᠲᠠᠢ ᠥᠭᠡᠷᠡᠴᠢᠯᠡᠬᠦ ᠶᠢ ᠴᠢᠩᠭᠠᠳᠬᠠᠨ᠂ ᠤᠭ ᠦᠨᠳᠦᠰᠦ ᠥᠩᠭᠡᠨ ᠲᠠᠯ᠎ᠠ ᠶᠢ ᠵᠡᠷᠭᠡ ᠪᠠᠷ ᠵᠠᠰᠠᠵᠤ᠂ ︽ᠪᠢᠲᠡᠭᠦᠦ ᠴᠠᠭᠠᠷᠢᠭᠲᠤ ᠠᠵᠢᠯ ᠤᠨ ᠠᠷᠭ᠎ᠠ︾ ᠪᠠᠷ  ᠣᠴᠢᠷ ᠪᠦᠬᠦᠨ ᠪᠣᠳᠠᠲᠠᠶᠢᠵᠢᠵᠤ᠂ ᠶᠠᠪᠤᠳᠠᠯ  ᠪᠦᠬᠦᠨ ᠬᠠᠷᠢᠭᠤ ᠲᠠᠢ᠂ ᠵᠤᠷᠪᠤᠰ ᠪᠦᠬᠦᠨ ᠨᠠᠶᠢᠳᠠᠪᠤᠷᠢᠵᠢᠭᠳᠠᠬᠤ ᠶᠢ ᠪᠠᠲᠤᠯᠠᠨ ᠂ ᠴᠡᠭᠴᠡᠯᠡᠨ  ᠰᠠᠶᠢᠵᠢᠷᠠᠭᠤᠯᠤᠭᠰᠠᠨ  ᠦᠷ᠎ᠡ ᠪᠦᠲᠦᠮᠵᠢ ᠶᠢ ᠲᠡᠦᠬᠡ ᠶᠢᠨ ᠰᠢᠯᠭᠠᠯᠳᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ᠱᠠᠭᠠᠷᠳᠠᠯᠭ᠎ᠠ ᠶᠢ ᠴᠡᠭᠴᠡᠯᠡᠨ  ᠰᠠᠶᠢᠵᠢᠷᠠᠭᠤᠯᠬᠤ ᠪᠦᠬᠦ ᠶᠠᠪᠤᠴᠠ ᠳᠤ ᠪᠠᠷᠢᠮᠲᠠᠯᠠᠨ ᠲᠤᠭᠤᠰᠢᠯᠠᠭᠤᠯᠵᠤ᠂  ᠠᠵᠢᠯ ᠤᠨ ᠰᠤᠷᠲᠠᠯ ᠢ ᠬᠤᠪᠢᠷᠠᠭᠤᠯᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡ ᠲᠤᠤᠷ᠎ᠠ ᠠᠳᠬᠤᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠳᠤᠮᠲᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ᠂ ᠬᠦᠨᠳᠦ ᠨᠣᠴᠢᠲᠠᠢ ᠨᠥᠯᠥᠭᠡ ᠭᠠᠷᠭᠠᠭᠰᠠᠨ ᠭᠠᠵᠠᠷ ᠣᠷᠣᠨ᠂ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠾᠧ ᠬᠠᠢ ᠳ᠋ᠦᠩ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠵᠢᠴᠢ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号