ᠶᠢᠨ ᠴᠦᠨ ᠯᠢᠶᠠᠩ ︽ᠨᠢᠭᠡᠳᠦᠭᠡᠷ ᠭᠠᠷ ᠠᠵᠢᠯ ᠭᠦᠢᠴᠡᠳᠬᠡᠬᠦ ᠶᠠᠪᠤᠴᠠ ᠶᠢ ᠶᠠᠪᠤᠬᠤ︾  ᠶᠢ ᠪᠡᠶᠡᠴᠢᠯᠡᠨ ᠣᠶᠢᠯᠠᠭᠠᠪᠠ
ᠨᠡᠶᠢᠲᠡᠯᠡᠭᠰᠡᠨ ᠴᠠᠭ᠄
2020-05-19
     ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠶ ᠲᠥᠷᠥᠭᠳᠡᠯ ᠪᠣᠯᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠣᠶᠢᠯᠠᠭᠠᠵᠤ᠂ ᠴᠤᠩᠬᠤᠪᠴᠢ ᠶᠢᠨ ᠦᠢᠯᠡᠴᠢᠯᠡᠭᠡ ᠳᠤᠮᠳᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠡᠵᠡᠮᠰᠢᠬᠦ ᠶᠢᠨ ᠲᠥᠯᠦᠭᠡ᠂ ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ ︽ᠨᠢᠭᠡᠳᠦᠭᠡᠷ ᠭᠠᠷ ᠠᠵᠢᠯ ᠭᠦᠢᠴᠡᠳᠬᠡᠬᠦ ᠶᠠᠪᠤᠴᠠ ᠶᠢ ᠶᠠᠪᠤᠬᠤ︾  ᠶᠢ ᠪᠡᠶᠡᠴᠢᠯᠡᠨ ᠣᠶᠢᠯᠠᠭᠠᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠰᠤᠷᠲᠠᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠬᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠬᠦ᠂ ᠠᠵᠢᠯ ᠤᠨ ᠰᠤᠷᠲᠠᠯ ᠢ ᠦᠨᠡᠨ ᠬᠦ ᠬᠤᠪᠢᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠭᠦᠯᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠭᠠᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠷᠧᠨ ᠶᠠᠨ ᠰᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃       ᠶᠢᠨ ᠴᠦᠨ ᠯᠢᠶᠠᠩ ᠲᠤᠬᠠᠶᠢᠯᠠᠭᠰᠠᠨ ᠠᠵᠢᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠵᠢᠴᠢ ᠴᠣᠩᠬᠤᠪᠴᠢ ᠶᠢᠨ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠯᠠᠨ ᠲᠦᠮᠡᠨ ᠤ ᠠᠵᠢᠯ ᠶᠠᠪᠤᠳᠠᠯ ᠬᠢᠬᠦ ᠪᠠᠷ ᠢᠷᠡᠭᠰᠡᠨ ᠤ ᠳᠠᠷᠠᠭᠠᠬᠢ ᠪᠤᠳᠠᠳᠤ ᠲᠥᠷᠥᠭᠳᠡᠯ ᠢ ᠨᠠᠷᠢᠨ ᠣᠶᠢᠯᠠᠭᠠᠵᠤ᠂ ᠡᠯ᠎ᠡ ᠦᠢᠯᠡᠴᠢᠯᠡᠭᠡᠨ ᠤ ᠴᠤᠩᠬᠤᠪᠴᠢ ᠶᠢᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠯᠠᠪᠯᠠᠨ ᠠᠰᠠᠭᠤᠵᠤ᠂ ᠡᠭᠦᠨ ᠤ ᠬᠠᠮᠲᠤ ᠡᠯ᠎ᠡ ᠦᠢᠯᠡᠴᠢᠯᠡᠭᠡᠨ ᠤ ᠴᠤᠩᠬᠤᠪᠴᠢ ᠨᠢ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠤᠪᠤᠷᠠᠯ ᠢ ᠴᠣᠮᠬᠠᠳᠬᠠᠨ᠂ ᠴᠠᠭ ᠤᠨ ᠬᠢᠵᠠᠭᠠᠷ ᠢ ᠪᠠᠭᠠᠰᠬᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠣᠯᠠᠨ ᠲᠦᠮᠡᠨ ᠳᠤ ᠬᠠᠮᠤᠭ ᠤᠨ ᠲᠦᠷᠭᠡᠨ ᠦᠢᠯᠡᠴᠢᠯᠡᠭᠡ ᠶᠢ ᠣᠶᠢᠯᠠᠭᠠᠭᠤᠯᠵᠤ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃      ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ︔ ᠶᠢᠨ ᠴᠦᠨ ᠯᠢᠶᠠᠩ ᠣᠳᠣᠬᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠭᠦᠢᠴᠡᠳ  ᠨᠣᠲᠠᠯᠠᠭᠰᠠᠨ ᠤ ᠬᠠᠮᠲᠤ ᠳᠠᠷᠠᠭ᠎ᠠ ᠠᠯᠬᠤᠮ ᠤᠨ ᠠᠵᠢᠯ ᠳᠤ ᠪᠣᠳᠠᠲᠠᠶ ᠰᠠᠨᠠᠯ ᠱᠠᠭᠠᠷᠳᠠᠯᠭ᠎ᠠ ᠳᠤᠷᠠᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠳᠠᠬᠢᠨ ᠰᠢᠨ᠎ᠡ ᠲᠦᠪᠰᠢᠨ ᠳᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ ︵ᠯᠢᠦᠢ ᠫᠢᠩ ᠫᠢᠩ    ᠵᠧᠨ ᠶᠤᠸᠠᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号