︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠮᠠᠨ ᠤ ᠬᠤᠲᠠ ᠶᠢᠨ 24 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠣᠯᠠᠨ ᠲᠥᠷᠥᠯ ᠤᠨ ᠵᠢᠭᠤᠯᠴᠢᠯᠠᠯ ᠤᠨ ᠬᠠᠷᠠᠭᠠᠯᠵᠠᠯ ᠤᠨ ᠬᠥᠳᠡᠯᠭᠡᠭᠡᠨ ᠭᠠᠷᠭᠠᠪᠠ
ᠨᠡᠶᠢᠲᠡᠯᠡᠭᠰᠡᠨ ᠴᠠᠭ᠄
2020-05-19
     ︵ᠰᠤᠷᠪᠤᠯᠵᠢᠯᠠᠭᠴᠢ ᠯᠢᠦ ᠯᠢ ᠰᠢᠶᠠ︶ 2020 ᠣᠨ ᠤ 5 .19  ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠶᠢᠨ ᠬᠢᠨ ᠭᠤᠣᠯ ᠰᠡᠳᠦᠪ ᠤᠨ ᠲᠣᠭᠤᠷᠢᠨ ᠳᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ᠂ ᠵᠢᠭᠤᠯᠴᠢᠯᠠᠯ ᠤᠨ ᠵᠠᠮ ᠱᠤᠭᠤᠮ ᠢ ᠲᠠᠨᠢᠯᠴᠠᠭᠤᠯᠵᠤ᠂ ᠵᠢᠭᠤᠯᠴᠢᠯᠠᠯ ᠢ ᠠᠩᠬᠠᠷᠴᠤ᠂ ᠵᠢᠭᠤᠯᠴᠢᠯᠠᠯ ᠳᠤ ᠣᠷᠣᠯᠴᠠᠬᠤ᠂ ᠵᠢᠭᠤᠯᠴᠢᠯᠠᠯ ᠢ ᠳᠡᠮᠵᠢᠬᠦ᠂ ᠵᠢᠭᠤᠯᠴᠢᠯᠠᠯ ᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃      ᠬᠥᠬᠡᠬᠤᠲᠠ ᠶᠢᠨ 24 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ︵ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠲᠠᠷᠢᠶᠠᠴᠢᠨ ᠡᠷᠦᠬᠡ ᠶᠢᠨ ᠵᠤᠭᠠᠴᠠᠯ ᠤᠨ ᠭᠠᠵᠠᠷ᠂ ᠵᠢᠭᠤᠯᠴᠢᠯᠠᠯ ᠤᠨ ᠬᠤᠷᠢᠶ᠎ᠠ᠂ ᠪᠠᠭᠤᠳᠠᠯ ᠵᠡᠷᠭᠡ ᠪᠠᠭᠲᠠᠨ᠎ᠠ︶  ᠤᠨ ᠬᠢᠨ 5.19 ᠤ  ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠲᠤ ᠵᠢᠭᠤᠯᠴᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ  ᠂  ᠬᠢᠮᠳᠠᠷᠠᠯ ᠤᠨ  ᠠᠷᠭ᠎ᠠ ᠬᠡᠮᠵᠢᠶ᠎ᠡ ᠵᠢᠴᠢ ᠪᠢᠯᠧᠲ ᠬᠦᠷᠭᠡᠬᠦ ᠵᠡᠷᠭᠡ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠦᠨ ᠦᠢᠯᠡᠳᠦᠯᠴᠡᠬᠦ ᠮᠠᠶ᠋ᠢᠭ ᠢᠶᠠᠷ ᠥᠷᠭᠡᠨ ᠣᠯᠠᠨ ᠰᠦᠯᠵᠢᠶᠡᠨ ᠨᠥᠬᠦᠳ ᠪᠠ ᠬᠤᠲᠠ ᠶᠢᠨ ᠠᠷᠠᠳ ᠲᠤ ᠬᠥᠬᠡᠬᠤᠲᠠ ᠶᠢᠨ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠷᠢᠶᠠᠴᠢᠨ ᠡᠷᠦᠬᠡ ᠶᠢᠨ ᠵᠤᠭᠠᠴᠠᠯ ᠤᠨ ᠭᠠᠵᠠᠷ ᠢ ᠲᠠᠨᠢᠯᠴᠠᠭᠤᠯᠵᠤ᠂ ᠪᠣᠯᠪᠠᠰᠤᠨ ᠢᠶᠠᠷ ᠵᠢᠭᠤᠯᠴᠢᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠲᠠᠨᠢᠯᠴᠠᠭᠤᠯᠤᠨ᠂ ᠵᠢᠭᠤᠯᠴᠢᠯᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠵᠢᠭᠤᠯᠴᠢᠯᠠᠯ ᠤᠨ ᠤᠨᠠᠭᠤᠯᠢ ᠠᠴᠠ  ᠵᠠᠶᠢᠯᠠᠭᠤᠯᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠪᠢᠯᠧᠲ ᠢ ᠬᠢᠮᠳᠠᠷᠠᠭᠤᠯᠬᠤ ᠲᠥᠷᠥ ᠶᠢᠨ ᠪᠣᠳᠣᠯᠭ᠎ᠠ᠂ ᠵᠢᠭᠤᠯᠴᠢᠯᠠᠯ ᠤᠨ ᠬᠤᠷᠢᠶ᠎ᠠ ᠵᠢᠴᠢ ᠪᠠᠭᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠭᠠᠷᠭᠠᠨ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠳᠤ ᠣᠷᠣᠯᠴᠠᠨ ᠦᠢᠯᠡᠳᠦᠯᠴᠡᠪᠡᠯ ᠳᠠᠷᠤᠢ ᠦᠵᠡᠮᠵᠢ ᠶᠢᠨ ᠣᠷᠣᠨ ᠤ ᠬᠦᠷᠭᠡᠭᠰᠡᠨ ᠪᠢᠯᠧᠲ ᠢ ᠣᠯᠬᠤ ᠵᠠᠪᠰᠢᠶᠠᠨ ᠲᠠᠢ᠃      ᠣᠷᠴᠢᠮ ᠤᠨ ᠵᠢᠯ ᠠᠴᠠ ᠨᠠᠭᠠᠰᠢ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠲᠦᠷᠭᠡᠨ ᠬᠥᠭᠵᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠲᠠᠰᠤᠷᠠᠯᠲᠠ ᠦᠭᠡᠢ ᠣᠯᠠᠰᠢᠷᠠᠨ᠂  ᠴᠡᠴᠡᠭᠯᠡᠨ ᠬᠦᠭᠵᠢᠭᠰᠡᠨ ᠪᠠᠶᠢᠳᠠᠯ ᠢᠯᠡᠷᠡᠪᠡ  ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠲᠠ᠂ ᠮᠥᠨᠴᠦ ︽ᠨᠢᠭᠡ ᠪᠦᠰᠡ ᠨᠢᠭᠡ ᠵᠠᠮ︾ ᠤᠨ ᠴᠢᠬᠤᠯᠠ ᠴᠡᠭ ᠬᠤᠲᠠ  ᠪᠣᠯᠣᠭᠰᠠᠨ ᠤ ᠬᠤᠪᠢ ᠳᠤ᠂ ᠬᠥᠬᠡᠬᠤᠲᠠ ᠨᠢ ᠪᠦᠬᠦᠶᠢᠯᠡ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠵᠠᠮ ᠳᠡᠭᠡᠷ᠎ᠡ ᠦᠷᠭᠦᠯᠵᠢ ᠵᠢᠭᠰᠠᠭᠠᠯ ᠤᠨ ᠲᠦᠷᠦᠭᠦᠦ ᠴᠡᠷᠢᠭ ᠤᠨ ᠴᠢᠬᠤᠯᠠ ᠪᠠᠶᠢᠷᠢ ᠶᠢ ᠡᠵᠡᠯᠡᠵᠦ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠲᠠᠬᠢ ᠨᠥᠯᠥᠭᠡᠯᠡᠬᠦ ᠬᠦᠴᠦᠨ ᠴᠦ ᠡᠳᠦᠷ ᠠᠴᠠ ᠡᠳᠦᠷ ᠨᠡᠮᠡᠭᠳᠡᠵᠦ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号