︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ᠂ ᠮᠠᠨ ᠤ ᠬᠤᠲᠠ ᠶᠢᠨ ᠬᠡᠷᠡᠭᠵᠢᠭᠦᠯᠬᠦ ᠪᠠᠷ | ᠪᠠᠶᠢᠭ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ | 58 ᠪᠠᠶᠢᠵᠤ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ 31᠂ ᠰᠢᠨ᠎ᠡ ᠪᠠᠷ ᠪᠠᠶᠢᠭᠤᠯᠬᠤ ᠲᠥᠷᠥᠯ | ᠵᠦᠢᠯ 27᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 712.4 ᠳ᠋ᠦᠩᠰᠢᠭᠤᠷ ᠲᠥᠭᠦᠷᠢᠭ ᠬᠦᠷᠴᠦ᠂ | 1—4 ᠳ᠋ᠦ᠋ᠭᠡᠷ ᠰᠠᠷ᠎ᠠ ᠳᠤ 32 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠥᠷᠥᠯ ᠵᠦᠢᠯ ᠠᠵᠢᠯ ᠡᠬᠢᠯᠡᠵᠦ ᠠᠵᠢᠯ ᠢᠶᠠᠨ ᠰᠡᠷᠭᠦᠭᠡᠪᠡ᠃ ᠡᠬᠦᠨ ᠢ ᠰᠤᠷᠪᠤᠯᠵᠢᠯᠠᠭᠴᠢ 5 | ᠳ᠋ᠤᠭᠠᠷ ᠰᠠᠷ᠎ᠠ ᠶᠢᠨ 19 ᠤ ᠡᠳᠦᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠣᠪᠴᠢᠶ᠎ᠠ ᠠᠴᠠ ᠣᠶᠢᠯᠠᠭᠠᠵᠠᠢ᠃ | 1—4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠶᠢᠨ 100 ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠥᠷᠥᠯ ᠵᠦᠢᠯ᠂ ᠵᠦᠩ ᠬᠤᠸᠠᠨ ᠰᠢᠶᠧ | ᠰᠢᠨ ᠤ ᠲᠠᠪᠤᠳᠤᠭᠠᠷ ᠬᠤᠭᠤᠴᠠᠭ᠎ᠠ ᠶᠢᠨ ᠲᠥᠷᠥᠯ ᠵᠦᠢᠯ᠂ ᠴᠤᠸᠠᠩ ᠸᠧᠢ ᠣᠶᠣᠨᠴᠢ ᠭᠡᠷ ᠤᠨ ᠴᠠᠬᠢᠯᠭᠠᠨ | ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠥᠷᠥᠯ ᠵᠦᠢᠯ ᠵᠠᠯᠭᠠᠪᠠᠷ ᠠᠵᠢᠯ ᠢᠶᠠᠨ ᠡᠬᠢᠯᠡᠭᠦᠯᠵᠦ ᠪᠦᠲᠦᠭᠡᠨ ᠪᠠᠶᠢᠭᠤᠯᠪᠠ᠃ ᠬᠤᠰᠢᠭᠤ | ᠰᠢᠶᠠᠨ ᠲᠣᠭᠤᠷᠢᠭ ᠢᠶᠠᠷ ᠠᠪᠴᠤ ᠬᠡᠯᠡᠪᠡᠯ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ 5 ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠂ ᠲᠦᠮᠡᠳ ᠵᠡᠭᠦᠨ ᠬᠤᠰᠢᠭᠤᠨ ᠤ 4 | ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠂ ᠲᠣᠭᠲᠠᠬᠤ ᠰᠢᠶᠠᠨ ᠤ 8 ᠲᠥᠷᠥᠯ ᠵᠦᠢᠯ ᠨᠢᠭᠡᠨᠲᠡ | ᠠᠵᠢᠯ ᠢᠶᠠᠨ ᠰᠡᠷᠭᠦᠭᠡᠪᠡ᠂ ᠬᠤᠷᠢᠨᠭᠡᠷ ᠰᠢᠶᠠᠨ ᠤ 2 ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠂ ᠴᠢᠩ | ᠱᠦᠢ ᠾᠧ ᠰᠢᠶᠠᠨ ᠤ 4 ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠂ ᠦᠴᠦᠸᠠᠨ ᠰᠢᠶᠠᠨ ᠤ 5 | ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠂ ᠢᠦᠢ ᠴᠢᠦᠸᠠᠨ ᠲᠣᠭᠤᠷᠢᠭ ᠤᠨ 1 ᠲᠥᠷᠥᠯ ᠵᠦᠢᠯ ᠨᠢᠭᠡᠨᠲᠡ | ᠠᠵᠢᠯ ᠢᠶᠠᠨ ᠰᠡᠷᠭᠦᠭᠡᠪᠡ᠂ ᠰᠠᠶᠢᠬᠠᠨ ᠲᠣᠭᠤᠷᠢᠭ ᠤᠨ 3 ᠲᠥᠷᠥᠯ ᠵᠦᠢᠯ ᠨᠢᠭᠡᠨᠲᠡ ᠠᠵᠢᠯ ᠢᠶᠠᠨ ᠰᠡᠷᠭᠦᠭᠡᠪᠡ᠃ |