ᠮᠠᠨ ᠤ ᠬᠤᠲᠠ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠭᠤᠶᠤᠴᠢᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠪᠡ
ᠨᠡᠶᠢᠲᠡᠯᠡᠭᠰᠡᠨ ᠴᠠᠭ᠄
2020-05-20
       ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠤᠰ ᠲᠣᠪᠴᠢᠶ᠎ᠠ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠭᠤᠶᠤᠴᠢᠯᠠᠨ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠶ ᠮᠡᠳᠡᠭᠳᠡᠯ︾ ᠳᠡᠭᠡᠨ᠂ ᠤᠤᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠰᠠᠭᠤᠷᠢᠨ ᠳᠡᠭᠡᠷ᠎ᠡ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠭᠤᠶᠤᠴᠢᠯᠠᠨ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠳᠠᠩᠰᠠᠯᠠᠬᠤ ᠶᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠨ᠎ᠠ ᠬᠡᠮᠡᠨ ᠲᠣᠳᠣᠷᠬᠠᠶᠢᠯᠠᠵᠠᠢ᠃       ᠣᠶᠢᠯᠠᠭᠠᠭᠰᠠᠨ ᠢᠶᠠᠷ᠂ ᠭᠤᠶᠤᠴᠢᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠭᠰᠡᠨ ᠤ ᠳᠠᠷᠠᠭ᠎ᠠ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ︽ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠳᠤ ᠡᠮᠨᠡᠭᠦᠯᠦᠨ ᠵᠠᠰᠠᠭᠤᠯᠬᠤ ᠶᠢ ᠭᠤᠶᠤᠴᠢᠯᠠᠨ ᠮᠡᠳᠡᠭᠦᠯᠬᠦ ᠳᠠᠩᠰᠠ ᠶᠢᠨ ᠬᠦᠰᠦᠨᠦᠭᠲᠦ︾ ᠪᠤᠶᠤ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠳᠤ ᠡᠮᠨᠡᠭᠦᠯᠦᠨ ᠵᠠᠰᠠᠭᠤᠯᠬᠤ ᠶᠢ ᠭᠤᠶᠤᠴᠢᠯᠠᠨ ᠮᠡᠳᠡᠭᠦᠯᠬᠦ ᠳᠠᠩᠰᠠ ᠶᠢᠨ ᠬᠦᠰᠦᠨᠦᠭᠲᠦ︾ ᠶᠢ ᠠᠪᠴᠤ᠂ ᠳᠡᠳ᠋ ᠡᠷᠬᠢᠯᠡᠭᠴᠢ ᠪᠤᠶᠤ ᠲᠡᠭᠦᠨ ᠠᠴᠠ ᠳᠡᠭᠡᠭᠰᠢ ᠶᠢᠨ ᠴᠣᠯᠠ ᠲᠠᠢ ᠡᠮᠴᠢ ᠪᠠᠷ ᠡᠪᠡᠳᠴᠢᠨ ᠤ ᠲᠣᠪᠴᠢ ᠲᠡᠦᠬᠡ᠂ ᠣᠷᠴᠢᠮ ᠤᠨ ᠬᠤᠭᠤᠴᠠᠭᠠᠨ ᠤ ᠡᠮᠨᠡᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠡᠮᠨᠡᠬᠦ ᠲᠥᠰᠥᠯ ᠢ ᠲᠠᠭᠯᠠᠭᠤᠯᠵᠤ᠂ ᠲᠣᠭᠲᠠᠭᠰᠠᠨ ᠡᠮᠴᠢᠯᠡᠭᠡ ᠶᠢᠨ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠪᠠᠷ ᠬᠢᠨᠠᠨ ᠬᠠᠷᠠᠭᠤᠯᠬᠤ ᠶᠢᠨ ᠬᠠᠮᠲᠤ ᠡᠷᠬᠢᠯᠡᠭᠴᠢ  ᠠᠴᠠ ᠰᠠᠨᠠᠯ  ᠢᠶᠠᠨ ᠪᠢᠴᠢᠵᠦ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠭᠤᠶᠤᠴᠢᠯᠠᠨ ᠭᠦᠢᠴᠡᠳᠬᠡᠬᠦ ᠨᠥᠬᠦᠴᠡᠯ ᠳᠤ ᠨᠡᠶᠢᠴᠡᠭᠰᠡᠨ ᠢ ᠲᠣᠭᠲᠠᠭᠰᠠᠨ ᠡᠮᠴᠢᠯᠡᠭᠡ ᠶᠢᠨ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠠᠴᠠ ᠡᠮᠴᠢᠯᠡᠭᠡ ᠶᠢᠨ ᠳᠠᠭᠠᠳᠬᠠᠯ ᠤᠨ ᠰᠢᠰᠲ᠋ᠧᠮ ᠳᠤ ᠣᠷᠣᠭᠤᠯᠵᠤ᠂ ᠤᠳᠠᠭᠠᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠲᠣᠭᠲᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ ᠬᠦᠷᠴᠦ ᠬᠤᠯᠪᠣᠭᠳᠠᠬᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠰᠢᠭᠤᠳ ᠬᠦᠷᠲᠡᠵᠦ ᠪᠣᠯᠣᠨ᠎ᠠ᠃ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠭᠤᠶᠤᠴᠢᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠭᠰᠡᠨ ᠤ ᠳᠠᠷᠠᠭ᠎ᠠ᠂ ᠡᠪᠡᠳᠴᠢᠲᠡᠨ  ᠵᠦᠪᠬᠡᠨ ᠲᠣᠭᠲᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ ︽ᠨᠢᠭᠡ ᠥᠷᠲᠡᠭᠡ ᠮᠠᠶ᠋ᠢᠭ︾ ᠢᠶᠠᠷ ᠭᠦᠢᠴᠡᠳᠬᠡᠪᠡᠯ ᠳᠠᠷᠤᠢ  ᠴᠠᠭ ᠲᠤᠬᠠᠢ ᠳᠤᠨᠢ ᠳᠠᠩᠰᠠ ᠲᠠᠶᠢᠯᠵᠤ ᠪᠣᠯᠣᠨ᠎ᠠ᠃  ᠡᠨᠡ ᠨᠢ ᠤᠳᠠᠭᠠᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠶᠢᠨ ᠬᠠᠮᠲᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠰᠠᠨ ᠡᠮᠴᠢᠯᠡᠭᠡ ᠶᠢᠨ ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠡᠩ ᠥᠨᠳᠥᠷ ᠱᠠᠭᠠᠷᠳᠠᠯᠭ᠎ᠠ ᠭᠠᠷᠭᠠᠵᠤ᠂ ᠰᠠᠭᠤᠷᠢ ᠮᠥᠩᠭᠦ ᠶᠢ ᠠᠶᠤᠯᠭᠦᠢ ᠬᠡᠷᠡᠭᠯᠡᠬᠦ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号