5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ | ᠠᠵᠢᠯ ᠤᠨ ᠲᠤᠰᠬᠠᠶ ᠠᠩᠭᠢ ᠶᠢᠨ ᠳᠠᠷᠤᠭ᠎ᠠ ᠯᠢᠦ ᠰᠢᠶᠤᠤ ᠵᠢᠶᠦ᠋ᠨ ᠨᠡᠷ ᠰᠢᠨ᠎ᠡ ᠬᠤᠲᠠ ᠲᠤᠭᠤᠷᠢᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠬᠦᠷᠴᠦ ᠬᠡᠰᠡᠭ ᠴᠡᠷᠢᠭ ᠤᠨ | ᠠᠯᠪᠠ ᠠᠴᠠ ᠬᠠᠯᠠᠭᠳᠠᠭᠰᠠᠳ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ ᠠᠵᠢᠯ ᠢ | ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠰᠢᠯᠵᠢᠭᠦᠯᠦᠨ ᠲᠤᠰᠢᠶᠠᠵᠤ ᠲᠦᠪᠬᠢᠨᠢᠭᠦᠯᠬᠦ | ᠪᠠ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠭᠤᠸᠠᠨ ᠲᠤᠤ᠂ | ᠰᠢᠨ᠎ᠡ ᠬᠤᠲᠠ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ | ᠬᠠᠷᠢᠭᠤᠴᠠᠯᠭᠠᠲᠠᠨ ᠴᠧᠨ ᠫᠸᠢ ᠭᠠᠩ ᠵᠢᠴᠢ ᠬᠠᠮᠢᠶ᠎ᠠ ᠪᠦᠬᠦᠢ ᠠᠵᠢᠯᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠳ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ | ᠣᠶᠢᠯᠠᠭᠠᠵᠤ᠂ ᠠᠵᠢᠯ ᠢᠶᠠᠨ ᠥᠷᠨᠢᠭᠦᠯᠬᠦ᠂ ᠠᠵᠢᠯᠲᠠᠨ ᠲᠣᠬᠢᠷᠠᠭᠤᠯᠬᠤ ᠵᠡᠷᠭᠡ ᠲᠠᠯ᠎ᠠ ᠪᠠᠷ ᠠᠵᠢᠯᠲᠠᠨ ᠲᠠᠢ | ᠰᠠᠨᠠᠯ ᠢᠶᠠᠨ ᠰᠣᠯᠢᠯᠴᠠᠪᠠ᠃ | | | | | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠬᠠᠮᠢᠶ᠎ᠠ ᠪᠦᠬᠦᠢ ᠠᠵᠢᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠳᠤᠷᠠᠳᠤᠭᠰᠠᠨ ᠠᠰᠠᠭᠤᠳᠠᠯ ᠳᠤ ᠲᠠᠶᠢᠯᠪᠤᠷᠢ ᠬᠢᠵᠦ᠂ ᠡᠭᠦᠨ ᠤ | ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠳ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ | ᠦᠷᠭᠦᠯᠵᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠦᠢᠳᠭᠡᠯ ᠲᠤᠰᠢᠶᠠᠬᠤ ᠶᠠᠪᠤᠳᠠᠯ ᠢ ᠱᠠᠯᠠᠪᠳᠠᠨ | ᠠᠬᠢᠭᠤᠯᠵᠤ᠂ ᠲᠣᠭᠲᠠᠭᠰᠠᠨ ᠴᠠᠭ ᠲᠤ ᠴᠢᠨᠠᠷ ᠢ ᠪᠠᠲᠤᠯᠠᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ | ᠪᠠᠲᠤᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠᠶᠢᠯᠲᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃ | | |