| | | 5 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠬᠤᠶᠢᠨ᠎ᠠ᠂ ᠦᠴᠤᠸᠠᠨ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠷᠧᠨ ᠶᠠᠨ ᠰᠢᠶᠠᠩ ᠨᠥᠬᠦᠷ ᠬᠤᠷᠠᠯ ᠳᠤ ᠣᠷᠣᠯᠴᠠᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠠᠭ ᠤᠨ ᠪᠦᠷᠢᠯᠳᠦᠬᠦᠨ᠂ ᠪᠥᠬᠦ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠭᠰᠠᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ | ᠲᠤᠬᠠᠶᠢᠯᠠᠭᠰᠠᠨ ᠠᠵᠢᠯ ᠤᠨ ᠺᠠᠳ᠋ᠷ ᠬᠤᠷᠠᠯ ᠳᠤ ᠣᠷᠣᠯᠴᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ︽ᠦᠴᠤᠸᠠᠨ ᠰᠢᠶᠠᠨ ᠤ | ᠡᠷᠬᠡ ᠶᠢ ︿ᠮᠠᠷᠢᠶ᠎ᠠ ᠰᠢᠭᠤᠷᠠᠭᠤᠯᠬᠤ﹀᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠭᠤᠷᠪᠠ ᠶᠢ ᠬᠠᠰᠤᠵᠤ | ᠨᠢᠭᠡ ᠶᠢ ᠨᠡᠮᠡᠭᠳᠡᠭᠦᠯᠬᠦ﹀ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠪᠠ᠃ ᠲᠣᠪᠴᠢᠶᠠᠨ ᠤ ᠳᠡᠳ᠋ ᠳᠠᠷᠤᠭ᠎ᠠ ᠳ᠋ᠧᠩ ᠰᠢᠶᠣᠤ ᠹᠧᠩ ︽ᠦᠴᠤᠸᠠᠨ ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠷᠪᠠᠨ ᠨᠢᠭᠡ︾ ᠶᠢ ᠬᠡᠷᠡᠭᠵᠢᠭᠦᠯᠵᠦ᠂ ︽ᠨᠢᠭᠤᠷ ᠤᠴᠠᠷᠠᠬᠤ | ᠦᠭᠡᠢ ᠪᠠᠷ ᠬᠢᠨᠠᠨ ᠵᠥᠪᠰᠢᠶᠡᠷᠡᠬᠦ︾ ᠲᠥᠰᠦᠯ ᠪᠣᠯᠤᠨ ︽ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠳᠦᠷᠢᠮ ᠤᠨ ᠬᠡᠷᠡᠭᠵᠢᠭᠦᠯᠬᠦ ᠲᠥᠰᠦᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠷᠧᠨ ᠶᠠᠨ | ᠰᠢᠶᠠᠩ ᠨᠥᠬᠦᠷ ᠶᠠᠷᠢᠶ᠎ᠠ ᠲᠠᠯᠪᠢᠵᠠᠢ᠃ ᠣᠳᠣᠬᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ︔ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠲᠤᠬᠢᠷᠠᠭᠤᠯᠤᠨ | ᠪᠠᠶᠢᠷᠢᠯᠠᠭᠤᠯᠬᠤ ᠬᠡᠷᠡᠭᠲᠡᠢ︔ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠤ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠵᠤ᠂ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠪᠦᠬᠦᠯᠢ ᠴᠣᠭᠴᠠ ᠪᠠᠷ ᠨᠢ ᠠᠬᠢᠭᠤᠯᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠵᠤ ᠬᠢᠨᠠᠨ | ᠰᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠭᠦ | ᠰᠢᠬᠠᠮᠳᠠᠭᠤᠯᠵᠤ᠂ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠢᠶᠠᠨ ᠤ ᠵᠠᠰᠠᠭ ᠤᠨ | ᠣᠷᠳᠣᠨ ᠤ ᠭᠤᠤᠯᠳᠠᠯᠭ᠎ᠠ ᠲᠠᠢ ᠠᠵᠢᠯ ᠤᠨ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠣᠯᠭᠠᠵᠤ᠂ ᠰᠢᠮᠳᠠᠭᠤᠯᠤᠨ | ᠪᠠᠶᠢᠴᠠᠭᠠᠬᠤ ᠶᠢᠨ ᠦᠷ᠎ᠡ ᠪᠦᠲᠦᠮᠵᠢ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠠᠬᠢᠭᠤᠯᠵᠤ᠂ ᠪᠣᠳᠠᠲᠤ | ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃ |