ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠡᠶᠢᠭᠡᠮ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2020-05-21
     ᠲᠦᠷᠦᠭᠦᠬᠡᠨ᠂ ᠮᠠᠨ ᠤ ᠬᠤᠲᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠥᠷᠨᠢᠭᠦᠯᠵᠦ᠂ ᠰᠢᠨ᠎ᠡ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨ᠎ᠡ ᠬᠤᠲᠠ ᠲᠣᠭᠤᠷᠢᠭ ᠤᠨ ᠰᠢᠯᠢ ᠶᠢᠨ ᠭᠤᠣᠯ ᠬᠤᠶᠢᠲᠤ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠰᠠᠯᠠᠭ᠎ᠠ  ᠵᠡᠷᠭᠡ ᠰᠠᠯᠠᠭ᠎ᠠ ᠮᠥᠴᠢᠷ ᠤᠳ ᠬᠥᠨᠳᠡᠯᠡᠨ  ᠪᠢᠴᠢᠭᠡᠰᠦ ᠡᠯᠭᠦᠬᠦ᠂ ᠠᠬᠤᠢ ᠭᠠᠵᠠᠷ  ᠳᠤ ᠨᠢ ᠤᠬᠠᠭᠤᠯᠬᠤ᠂ ᠬᠤᠳᠠᠯᠳᠤᠭᠠᠴᠢᠨ ᠡᠷᠦᠬᠡ ᠳᠡᠯᠭᠡᠭᠦᠷ ᠢᠶᠠᠷ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠪᠠ᠃ ᠵᠢᠷᠤᠭ ᠪᠣᠯ ᠰᠢᠨ᠎ᠡ ᠬᠤᠲᠠ ᠲᠣᠭᠤᠷᠢᠭ ᠤᠨ ᠰᠢᠯᠢ ᠶᠢᠨ ᠭᠤᠣᠯ ᠬᠤᠶᠢᠲᠤ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠨ ᠬᠠᠷᠢᠶ᠎ᠠ ᠣᠷᠣᠨ ᠤ ᠪᠠᠨ ᠬᠤᠳᠠᠯᠳᠤᠭᠠᠴᠢᠨ ᠡᠷᠦᠬᠡ ᠪᠠᠷ ᠰᠤᠷᠪᠤᠯᠵᠢᠯᠠᠵᠤ ᠂ ᠬᠤᠯᠪᠣᠭᠳᠠᠯ ᠪᠦᠬᠦᠢ ᠮᠠᠲ᠋ᠧᠷᠢᠶᠠᠯ ᠪᠠ  ᠰᠡᠷᠭᠡᠶᠢᠯᠡᠬᠦ ᠳᠤ ᠬᠡᠷᠡᠭᠯᠡᠬᠦ ᠪᠣᠳᠠᠰ ᠲᠠᠷᠬᠠᠭᠠᠵᠤ᠂ ᠰᠠᠭᠤᠭᠠᠯᠢ ᠠᠷᠠᠳ ᠤᠨ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ ᠪᠠᠶᠢᠭ᠎ᠠ ᠨᠢ᠃ ᠶᠠᠩ ᠼᠠᠢ ᠰᠢᠶᠠ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号