ᠲᠡᠭᠦᠰᠬᠦ ᠤᠶᠤᠳᠠᠳ ᠤᠨ ᠠᠵᠢᠯ ᠣᠯᠬᠤ ᠳᠤ ᠲᠠᠪᠴᠠᠩ ᠬᠠᠩᠭᠠᠨ᠎ᠠ
ᠨᠡᠶᠢᠲᠡᠯᠡᠭᠰᠡᠨ ᠴᠠᠭ᠄
2020-05-22

     5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ

ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠬᠢᠭᠡᠳ ᠥᠪᠡᠷᠲᠡᠭᠡᠨ ᠵᠠᠰᠠᠬᠤ ᠣᠷᠣᠨ ᠤ ᠲᠡᠭᠦᠰᠬᠦ

ᠤᠶᠤᠳᠠᠳ ᠤᠨ ᠠᠵᠢᠯ ᠣᠯᠭᠤᠯᠲᠠ ᠶᠢ ᠵᠢᠯᠤᠭᠤᠳᠬᠤ ᠲᠥᠪ ᠠᠴᠠ ᠬᠠᠮᠲᠤᠷᠠᠨ ᠡᠷᠭᠢᠯᠡᠭᠰᠡᠨ ᠥᠪᠡᠷᠲᠡᠭᠡᠨ ᠵᠠᠰᠠᠬᠤ

ᠣᠷᠣᠨ ᠤ ︽2020 ᠣᠨ ᠤ ᠲᠡᠭᠦᠰᠬᠦ ᠤᠶᠤᠳᠠᠳ ᠤᠨ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ

ᠠᠬᠤᠢ ᠲᠠᠯᠠᠪᠠᠢ ᠳᠤ ᠠᠵᠢᠯᠲᠠᠨ ᠡᠯᠰᠡᠬᠦ ᠴᠤᠭᠯᠠᠭᠠᠨ︾ ᠤ ᠠᠩᠬᠠᠨ ᠤ ᠲᠠᠯᠠᠪᠠᠢ ᠠᠵᠢᠯᠲᠠᠨ ᠡᠯᠰᠡᠬᠦ ᠴᠤᠭᠯᠠᠭᠠᠨ

ᠬᠥᠬᠡᠬᠤᠲᠠ ᠳᠤ ᠶᠠᠪᠤᠭᠳᠠᠵᠤ᠂ 48 ᠬᠥᠮᠦᠨ ᠬᠡᠷᠡᠭᠯᠡᠬᠦ ᠨᠢᠭᠡᠴᠡ 1271 ᠠᠵᠢᠯ ᠤᠨ ᠪᠠᠶᠢᠷᠢ ᠬᠠᠩᠭᠠᠵᠤ᠂ ᠠᠵᠢᠯ

 ᠤᠨ ᠪᠠᠶᠢᠷᠢ ᠨᠢ ᠰᠤᠷᠭᠠᠨ ᠬᠥᠮᠦᠵᠢᠯ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ᠂ ᠮᠥᠩᠭᠦᠨ ᠬᠦᠢᠯᠭᠡᠭᠡ᠂

ᠦᠢᠯᠡᠴᠢᠯᠡᠭᠡ ᠵᠡᠷᠭᠡ ᠣᠯᠠᠨ ᠠᠵᠢᠯ ᠲᠥᠷᠥᠯ ᠳᠤ ᠬᠤᠯᠪᠤᠭᠳᠠᠪᠠ᠃ ᠠᠵᠢᠯᠲᠠᠨ ᠡᠯᠰᠡᠬᠦ ᠴᠤᠭᠯᠠᠭᠠᠨ ᠨᠢ ᠲᠤᠬᠠᠶ

 ᠶᠢᠨ ᠲᠠᠯᠠᠪᠤᠷ ᠲᠤ ᠡᠯᠰᠡᠬᠦ ᠪᠠ ᠰᠦᠯᠵᠢᠶᠡᠨ ᠳᠡᠭᠡᠷ᠎ᠡ ᠡᠯᠰᠡᠬᠦ ᠬᠡᠯᠪᠡᠷᠢ ᠶᠢ ᠵᠡᠷᠭᠡᠪᠡᠷ ᠶᠠᠪᠤᠭᠳᠠᠭᠤᠯᠪᠠ᠃

     ᠰᠤᠷᠪᠤᠯᠵᠢᠯᠠᠭᠴᠢ ᠯᠢᠦ ᠴᠢᠩ ᠢᠥᠢ ᠰᠡᠭᠦᠳᠡᠷᠯᠡᠪᠡ

 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号