ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-22
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠵᠢᠩ︶  5 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ  ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ  ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠨ ᠰᠢ ᠳᠤ ᠠᠵᠢᠯ ᠪᠠᠶᠢᠴᠠᠭᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ  ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠵᠢᠯᠣᠭᠤᠳᠬᠤ ᠰᠠᠨᠠᠯ︾ ᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠱᠠᠨ ᠰᠢ ᠳᠤ ᠠᠵᠢᠯ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠪᠠᠶᠢᠬᠤ ᠬᠤᠭᠤᠴᠠᠭᠠᠨ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂  ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠠᠵᠤ ᠦᠢᠯᠡᠰ ᠤᠨ ᠥᠭᠡᠷᠡᠴᠢᠯᠡᠯᠲᠡ᠂ ᠣᠷᠴᠢᠨ ᠲᠣᠭᠤᠷᠢᠨ ᠤ  ᠬᠠᠮᠠᠭᠠᠯᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠠᠵᠢᠯ ᠳᠤ ᠴᠢᠬᠤᠯᠠ ᠵᠢᠭᠠᠪᠤᠷᠢ ᠥᠭᠴᠡᠢ᠂ ᠡᠳᠡᠭᠡᠷ ᠴᠢᠬᠤᠯᠠ ᠱᠠᠭᠠᠷᠳᠠᠯᠭ᠎ᠠ ᠪᠣᠯ ᠮᠥᠨ ᠴᠦ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ  ᠢᠶᠠᠨ ᠰᠠᠶᠢᠲᠤᠷ ᠠᠳᠬᠤᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠦᠨᠡᠨᠬᠦ ᠠᠵᠢᠯ ᠤᠨ ᠰᠡᠳᠬᠢᠴᠡ ᠪᠣᠯᠤᠨ ᠠᠵᠢᠯ ᠤᠨ ᠠᠷᠭ᠎ᠠ  ᠬᠡᠮᠵᠢᠶ᠎ᠡ  ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠵᠢᠯᠤᠭᠤᠳᠬᠤ ᠰᠠᠨᠠᠯ ᠢ ᠨᠡᠶᠢᠲᠡᠯᠡᠭᠰᠡᠨ ᠨᠢ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠬᠦᠯᠬᠦ  ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠵᠤᠷᠪᠤᠰ ᠳᠠᠷᠠᠭᠠᠯᠠᠨ ᠰᠤᠷᠤᠯᠴᠠᠵᠤ᠂ ᠨᠠᠷᠢᠨ ᠬᠢᠨᠠᠮᠠᠭᠠᠶ ᠣᠶᠢᠯᠠᠭᠠᠵᠤ᠂ ᠵᠢᠯᠣᠭᠤᠳᠬᠤ ᠰᠠᠨᠠᠯ ᠤᠨ ᠭᠤᠤᠯ ᠠᠭᠤᠯᠭ᠎ᠠ᠂  ᠪᠠᠶᠠᠯᠢᠭ ᠠᠭᠤᠯᠤᠭᠳᠠᠬᠤᠨ ᠢ ᠲᠤᠭᠤᠷᠠᠳᠠᠯ᠎ᠠ ᠤᠶᠢᠯᠠᠭᠠᠵᠤ᠂ ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠶᠢ ᠣᠨᠣᠪᠴᠢᠲᠠᠶ ᠡᠵᠡᠮᠳᠡᠵᠦ᠂ ᠶᠡᠭᠡ ᠬᠠᠮᠠᠭᠠᠯᠠᠯᠲᠠ ᠶᠢ ᠰᠠᠶᠢᠲᠤᠷ ᠠᠳᠬᠤᠬᠤ᠂ ᠶᠡᠭᠡ ᠨᠡᠭᠡᠭᠡᠯᠲᠡ ᠶᠢ ᠰᠠᠶᠢᠲᠤᠷ ᠠᠳᠬᠤᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠱᠠᠭᠠᠷᠳᠠᠯᠭ᠎ᠠ ᠶᠢ ᠨᠡᠩ ᠴᠢᠬᠤᠯᠠᠴᠢᠯᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ ᠵᠣᠷᠢᠭ ᠰᠠᠨᠠᠭ᠎ᠠ ᠳᠡᠭᠡᠷ᠎ᠡ  ᠦᠨᠡᠨᠬᠦ ᠨᠢᠭᠡᠳᠬᠡᠬᠦ ᠬᠡᠷᠡᠭᠲᠡᠶ ᠭᠡᠵᠡᠢ  ᠃      ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠬᠦᠯᠬᠦ  ᠶᠢᠨ ᠲᠥᠪ ᠬᠤᠳᠠ ᠳᠤ ᠠᠪᠴᠢᠷᠠᠵᠤ ᠥᠭᠬᠦ ᠴᠢᠬᠤᠯᠠ ᠶᠡᠭᠡ ᠠᠵᠠ ᠲᠣᠬᠢᠶᠠᠯ ᠢ ᠬᠦᠨᠵᠡᠭᠡᠢ ᠲᠠᠨᠢᠵᠤ᠂ ᠲᠥᠪ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠬᠥᠭᠡᠭᠡᠵᠦ ᠬᠦᠢᠴᠡᠵᠦ ᠳᠠᠪᠠᠵᠤ ᠭᠠᠷᠬᠤ ᠶᠢ ᠲᠦᠷᠭᠡᠳᠬᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠠᠵᠤ ᠦᠢᠯᠡᠰ᠂ ᠭᠠᠵᠠᠷ  ᠂ ᠴᠢᠳᠠᠪᠤᠷᠢᠲᠠᠨ᠂ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠳᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠣᠳᠠᠲᠤ ᠥᠷᠢᠰᠥᠯᠳᠦᠬᠦ ᠬᠦᠴᠦᠨ ᠪᠣᠯᠭᠠᠨ ᠬᠤᠪᠢᠷᠠᠭᠤᠯᠵᠤ᠂ ᠢᠯᠠᠩᠭᠤᠶ᠎ᠠ ᠭᠤᠤᠯᠳᠠᠯᠭ᠎ᠠ ᠲᠠᠢ ᠲᠥᠷᠥᠯ  ᠵᠦᠢᠯ ᠢ ᠲᠥᠰᠦᠪᠯᠡᠬᠦ ᠲᠠᠯ᠎ᠠ ᠪᠠᠷ ᠤᠯᠠᠮ ᠬᠦᠴᠦᠯᠡᠵᠦ᠂ ᠬᠦᠴᠦᠨ ᠢᠶᠠᠨ ᠤᠯᠠᠮ ᠲᠦᠪᠯᠡᠷᠡᠭᠦᠯᠵᠦ᠂  ᠣᠷᠣᠨ ᠤ ᠲᠥᠪ ᠨᠢ ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠬᠦᠯᠬᠦ ᠶᠢ ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠬᠦᠯᠬᠦ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠳᠡᠢ᠃ ᠮᠠᠨ ᠤ ᠬᠤᠲᠠ ᠶᠢᠨ ︽ᠬᠡᠷᠡᠭᠵᠢᠭᠦᠯᠬᠦ ᠲᠥᠰᠦᠯ︾ ᠢ ᠱᠠᠯᠠᠪᠳᠠᠨ ᠲᠣᠭᠲᠠᠭᠠᠵᠤ᠂ ᠠᠩᠬ᠎ᠠ ᠠᠯᠬᠤᠮ ᠤᠨ ᠲᠥᠰᠦᠯ ᠤᠨ ᠰᠠᠭᠤᠷᠢᠨ ᠳᠡᠭᠡᠷ᠎ᠡ᠂ ᠡᠨᠡᠬᠦ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠲᠠᠢ ᠤᠶᠠᠯᠳᠤᠭᠤᠯᠤᠨ ᠂ ᠲᠠᠬᠢᠨ ᠵᠠᠰᠠᠪᠤᠷᠢ ᠣᠷᠣᠭᠤᠯᠵᠤ᠂ ᠲᠠᠬᠢᠨ  ᠲᠡᠭᠦᠯᠳᠡᠷᠵᠢᠬᠦᠯᠦᠨ᠂ ᠰᠢᠨ᠎ᠡ ᠠᠷᠭ᠎ᠠ  ᠪᠠᠷᠢᠯ  ᠂ ᠰᠢᠨ᠎ᠡ ᠠᠷᠭ᠎ᠠ  ᠬᠡᠮᠵᠢᠶ᠎ᠡ ᠶᠢ ᠲᠤᠪᠤᠶᠢᠯᠭᠠᠵᠤ᠂ ᠪᠣᠳᠠᠲᠠᠢ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭ᠎ᠠ ᠶᠢᠨ ᠪᠢᠴᠢᠭ ᠢ ᠪᠦᠷᠢᠯᠳᠦᠭᠦᠯᠬᠦ ᠬᠡᠷᠡᠭᠲᠡᠢ ᠭᠡᠵᠡᠢ  ᠃      ᠬᠤᠷᠠᠯ ᠠᠴᠠ ᠪᠠᠰᠠ ︽ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ︿AB  ᠲᠦᠷᠢ﹀  ᠶᠢᠨ ᠠᠵᠢᠯ ᠤᠨ ᠳᠦᠷᠢᠮ   ᠢ ᠬᠡᠷᠡᠭᠵᠢᠭᠦᠯᠬᠦ ᠲᠤᠬᠠᠶ  ︾ ᠪᠠ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ 2019 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠲᠠ ᠶᠢᠨ ᠤᠳᠤᠷᠢᠳᠤᠯᠭ᠎ᠠ ᠯᠢᠦ ᠸᠧᠨ ᠢᠦᠶ᠂ ᠪᠢ ᠭᠦᠸᠧ ᠴᠧᠨ᠂ ᠵᠧᠤ ᠴᠢᠶᠠᠩ᠂ ᠵᠠᠩ ᠭᠦᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠬᠤᠷᠠᠯ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号