ᠴᠢᠩ ᠱᠦᠶ ᠾᠧ ᠰᠢᠶᠠᠨ ᠤ ᠺᠠᠳ᠋ᠷ ᠤᠯᠠᠨ ᠲᠦᠮᠡᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠡᠬᠢᠯᠡᠯᠲᠡ ᠶᠢᠨ ᠶᠣᠰᠣᠯᠠᠯ ᠢ ᠬᠦᠯᠢᠶᠡᠨ ᠠᠪᠴᠤ ᠦᠵᠡᠵᠡᠢ
ᠨᠡᠶᠢᠲᠡᠯᠡᠭᠰᠡᠨ ᠴᠠᠭ᠄
2020-05-25
      5 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠴᠢᠩ ᠱᠦᠢ ᠾᠧ ᠰᠢᠶᠠᠨ ᠤ ᠺᠠᠳ᠋ᠷ ᠤᠯᠠᠨ ᠲᠦᠮᠡᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠡᠬᠢᠯᠡᠯᠲᠡ ᠶᠢᠨ ᠶᠣᠰᠣᠯᠠᠯ ᠢ ᠬᠦᠯᠢᠶᠡᠨ ᠠᠪᠴᠤ ᠦᠵᠡᠪᠡ᠃      ᠡᠬᠢᠯᠡᠯᠲᠡ ᠶᠢᠨ ᠶᠣᠰᠣᠯᠠᠯ ᠢ ᠬᠦᠯᠢᠶᠡᠨ ᠠᠪᠴᠤ ᠦᠵᠡᠬᠦ ᠶᠠᠪᠤᠴᠠ ᠳᠤ᠂ ᠺᠠᠳ᠋ᠷ ᠣᠯᠠᠨ ᠲᠦᠮᠡᠨ ᠸᠠᠩ ᠶᠠᠩ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠣᠯᠠᠨ ᠢᠶᠠᠷ ᠢᠶᠠᠨ ᠰᠣᠨᠣᠰᠬᠤ ᠶᠢᠨ ᠳᠠᠭᠠᠤ ᠲᠡᠮᠳᠡᠭᠯᠡᠯ ᠬᠢᠪᠠ᠃      ᠬᠦᠯᠢᠶᠡᠨ ᠠᠪᠴᠤ ᠦᠵᠡᠭᠰᠡᠨ ᠤ ᠳᠠᠷᠠᠭ᠎ᠠ᠂ ᠣᠯᠠᠨ ᠢᠶᠠᠷ ᠢᠶᠠᠨ ᠮᠡᠳᠡᠭᠦᠯᠦᠯᠲᠡ ᠶᠢᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ ᠸᠠᠩ ᠶᠠᠩ ᠲᠡᠷᠢᠭᠦᠯᠡᠭᠴᠢ ᠶᠢᠨ ᠬᠢᠭᠰᠡᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠬᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪ ᠢᠯᠡ ᠲᠣᠳᠣ᠂ ᠦᠨᠡᠨ ᠠᠴᠠ ᠵᠥᠪ ᠢ ᠡᠷᠢᠵᠦ᠂ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠬᠥᠮᠦᠰ ᠤᠨ ᠰᠡᠳᠬᠢᠯ ᠢ ᠬᠥᠭᠵᠢᠭᠡᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠪᠠ ᠵᠢᠯᠣᠭᠤᠳᠬᠤ ᠴᠢᠨᠠᠷ ᠲᠠᠢ ᠭᠡᠵᠦ ᠪᠦᠭᠦᠳᠡᠭᠡᠷ ᠢᠶᠠᠨ ᠰᠠᠨᠠᠯ ᠨᠢᠭᠡᠲᠡᠢ ᠦᠵᠡᠪᠡ᠃      ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢᠨ ᠬᠠᠮᠲᠤ᠂ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠬᠦ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠴᠢᠩᠬᠠᠳᠬᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠵᠠᠮ ᠨᠡᠭᠡᠭᠡᠨ ᠤᠷᠤᠭᠰᠢᠯᠠᠨ ᠳᠠᠪᠰᠢᠵᠦ᠂ ᠨᠡᠩ ᠢᠯᠡᠭᠦᠤ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠨᠡᠩ ᠦᠵᠡᠰᠬᠦᠯᠡᠩᠲᠦ ᠰᠠᠶᠢᠬᠠᠨ ᠰᠢᠨ᠎ᠡ ᠠᠭᠤᠯᠠᠨ ᠬᠤᠳᠠ ᠶᠢ ᠬᠠᠮᠲᠤ ᠪᠠᠷ ᠪᠦᠳᠦᠭᠡᠨ ᠪᠠᠶᠢᠭᠤᠯᠤᠨ᠎ᠠ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号