ᠮᠠᠨ ᠤ ᠬᠤᠲᠠ ᠶᠢᠨ ᠡᠳ᠋ ᠤᠨ ᠵᠠᠰᠠᠭ ᠳᠤᠮᠳᠠ ᠵᠢᠵᠢᠭ ᠠᠵᠤ ᠠᠬᠤᠶᠢᠯᠠᠯ ᠤᠨ ᠭᠡᠷ ᠤᠨ ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠠᠵᠢᠯ ᠢ ᠯᠠᠪᠳᠠᠭᠤᠨ ᠪᠠᠲᠤᠲᠠᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2020-05-25
       ︵ᠰᠤᠷᠪᠤᠯᠵᠢᠯᠠᠭᠴᠢ ᠰᠦᠩ ᠰᠢᠶᠠᠩ ᠬᠤᠸᠠ︶᠂ ᠣᠷᠴᠢᠮ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠳᠠᠭᠠᠨ ᠲᠦᠰᠢᠭᠯᠡᠬᠦ ᠶᠢᠨ ᠬᠠᠮᠲᠤ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠤᠲᠠ ᠶᠢᠨ ᠱᠠᠲᠤᠨ ᠤ ᠵᠠᠰᠠᠭ ᠵᠠᠬᠢᠷᠭ᠎ᠠ ᠠᠵᠤ ᠦᠢᠯᠡᠰ ᠤᠨ ᠨᠢᠭᠡᠴᠡ ᠠᠴᠠ ᠳᠤᠮᠳᠠ ᠵᠢᠵᠢᠭ ᠠᠵᠤ ᠠᠬᠤᠶᠢᠯᠠᠯ ᠤᠨ ᠭᠡᠷ ᠤᠨ ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠬᠤᠯᠪᠣᠭᠳᠠᠯ ᠪᠦᠬᠦᠢ ᠠᠵᠢᠯ ᠤᠨ ᠲᠤᠬᠠᠢ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ  ᠰᠠᠶᠢᠲᠤᠷ ᠬᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠡᠮᠬᠢ ᠵᠢᠷᠤᠮ ᠲᠠᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠨ᠂ ᠠᠵᠤ ᠠᠬᠤᠶᠢᠯᠠᠯ ᠢ ᠬᠠᠪᠰᠤᠷᠤᠨ ᠪᠡᠷᠬᠡᠰᠢᠶᠡᠯ ᠢ ᠲᠤᠭᠤᠯᠪᠠ᠃       ᠣᠶᠢᠯᠠᠭᠠᠭᠰᠠᠨ ᠢᠶᠠᠷ᠂ ᠡᠨᠡ ᠬᠦ ᠲᠥᠷᠥ ᠶᠢᠨ ᠪᠣᠳᠣᠯᠭ᠎ᠠ ᠨᠢ ᠭᠤᠣᠯᠳᠠᠭᠤ ᠬᠤᠲᠠ ᠶᠢᠨ ᠱᠠᠲᠤᠨ ᠤ ᠵᠠᠰᠠᠭ ᠵᠠᠬᠢᠷᠭ᠎ᠠ ᠠᠵᠤ ᠦᠢᠯᠡᠰ ᠤᠨ ᠨᠢᠭᠡᠴᠡ ᠶᠢᠨ ᠭᠡᠷ ᠪᠠᠶᠢᠰᠢᠩ ᠵᠢᠴᠢ ᠪᠠᠷᠢᠯᠭ᠎ᠠ ᠶᠢ ᠲᠦᠷᠢᠶᠡᠰᠦᠯᠡᠨ ᠬᠡᠷᠡᠭᠯᠡᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠡᠵᠡᠩᠨᠡᠯᠲᠡ ᠶᠢᠨ ᠡᠷᠦᠬᠡ ᠳᠤ ᠬᠠᠨᠳᠤᠭᠤᠯᠤᠨ᠂ ᠡᠨᠡ ᠵᠢᠯ ᠤᠨ 2 ᠳ᠋ᠤᠭᠠᠷ ᠰᠠᠷ᠎ᠠ ᠪᠠ 3 ᠳ᠋ᠤᠭᠠᠷ ᠰᠠᠷ᠎ᠠ ᠶᠢᠨ ᠲᠦᠷᠢᠶᠡᠰᠦᠨ ᠮᠥᠩᠭᠦ ᠶᠢ ᠬᠡᠯᠲᠦᠷᠢᠭᠦᠯᠵᠦ᠂ 1 ᠳ᠋ᠦ᠋ᠭᠡᠷ ᠰᠠᠷ᠎ᠠ ᠪᠠ 4 ᠳ᠋ᠦ᠋ᠭᠡᠷ ᠰᠠᠷ᠎ᠠ ᠶᠢᠨ ᠲᠦᠷᠢᠶᠡᠰᠦᠨ ᠮᠥᠩᠭᠦ ᠶᠢ ᠬᠠᠭᠠᠰ ᠢᠶᠠᠷ ᠬᠥᠩᠭᠡᠯᠡᠨ ᠬᠤᠷᠢᠶᠠᠪᠠ᠃ ᠬᠥᠩᠭᠡᠯᠡᠵᠦ ᠬᠡᠯᠲᠦᠷᠢᠭᠦᠯᠬᠦ ᠠᠷᠭ᠎ᠠ ᠮᠠᠶ᠋ᠢᠭ ᠨᠢ᠄ ᠲᠦᠷᠢᠶᠡᠰᠦᠯᠡᠭᠰᠡᠨ ᠲᠠᠯ᠎ᠠ ᠨᠢ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠶᠢᠨ ᠭᠡᠷ ᠪᠠᠶᠢᠰᠢᠩ ᠵᠢᠴᠢ  ᠪᠠᠷᠢᠯᠭ᠎ᠠ ᠶᠢᠨ ᠲᠦᠷᠢᠶᠡᠰᠦᠨ ᠮᠥᠩᠭᠦ ᠪᠠᠨ ᠲᠥᠯᠥᠭᠰᠡᠨ ᠦᠭᠡᠢ ᠶᠢ᠂ ᠲᠦᠷᠢᠶᠡᠰᠦᠯᠡᠭᠦᠯᠦᠭᠰᠡᠨ ᠲᠠᠯ᠎ᠠ ᠠᠴᠠ ᠭᠡᠷ᠎ᠡ ᠳᠤ ᠲᠣᠭᠲᠠᠭᠰᠠᠨ ᠲᠦᠷᠢᠶᠡᠰᠦᠨ ᠬᠤᠭᠤᠴᠠᠭᠠᠨ ᠤ ᠳᠣᠲᠣᠷ᠎ᠠ ᠬᠠᠷᠠᠭᠠᠯᠵᠠᠭᠰᠠᠨ ᠰᠠᠷ᠎ᠠ ᠶᠢᠨ ᠲᠦᠷᠢᠶᠡᠰᠦᠨ ᠮᠥᠩᠭᠦ ᠶᠢ ᠰᠢᠭᠤᠳ ᠬᠥᠩᠭᠡᠯᠡᠵᠦ ᠬᠡᠯᠲᠦᠷᠢᠭᠦᠯᠦᠨ᠎ᠡ᠃ ᠲᠦᠷᠢᠶᠡᠰᠦᠯᠡᠭᠰᠡᠨ ᠲᠠᠯ᠎ᠠ ᠨᠢ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠶᠢᠨ ᠭᠡᠷ ᠪᠠᠶᠢᠰᠢᠩ ᠵᠢᠴᠢ  ᠪᠠᠷᠢᠯᠭ᠎ᠠ ᠶᠢᠨ ᠲᠦᠷᠢᠶᠡᠰᠦᠨ ᠮᠥᠩᠭᠦ ᠪᠠᠨ ᠨᠢᠭᠡᠨᠲᠡ ᠲᠥᠯᠥᠭᠰᠡᠨ ᠢ  ᠂ ᠬᠥᠩᠭᠡᠯᠡᠵᠦ ᠬᠡᠯᠲᠦᠷᠢᠭᠦᠯᠬᠦ ᠲᠦᠷᠢᠶᠡᠰᠦᠨ ᠮᠥᠩᠭᠦ ᠶᠢ ᠬᠤᠶᠠᠷ ᠲᠠᠯ᠎ᠠ ᠪᠠᠷ ᠢᠶᠠᠨ ᠵᠥᠪᠳᠡᠯᠴᠡᠭᠰᠡᠨ ᠤ ᠳᠠᠷᠠᠭ᠎ᠠ ᠰᠡᠭᠦᠯᠴᠢ ᠶᠢᠨ ᠭᠡᠷ ᠪᠠᠶᠢᠰᠢᠩ ᠵᠢᠴᠢ  ᠪᠠᠷᠢᠯᠭ᠎ᠠ ᠶᠢᠨ ᠲᠤᠰᠢᠶᠠᠭ᠎ᠠ ᠦᠭᠡᠢ ᠲᠦᠷᠢᠶᠡᠰᠦᠨ ᠮᠥᠩᠭᠦ ᠠᠴᠠ ᠬᠠᠰᠤᠨ᠎ᠠ᠃     ᠡᠨᠡ ᠬᠤᠭᠤᠴᠠᠭᠠᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢ ᠪᠣᠳᠣᠯᠬᠢᠯᠠᠨ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ᠂ ᠢᠯᠡ ᠲᠣᠳᠣ ᠡᠮᠬᠢ ᠳᠠᠷᠠᠭ᠎ᠠ ᠲᠠᠢ︾ ᠵᠠᠷᠴᠢᠮ ᠶᠣᠰᠣᠭᠠᠷ᠂ ᠠᠵᠢᠯ ᠢᠶᠠᠨ ᠢᠳᠡᠪᠬᠢᠲᠡᠢ ᠲᠣᠬᠢᠷᠠᠭᠤᠯᠤᠨ ᠠᠬᠢᠭᠤᠯᠪᠠ᠃ ᠨᠢᠭᠡ ᠳᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠬᠤ ᠶᠢᠨ ᠬᠠᠮᠲᠤ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ ᠠᠵᠢᠯ ᠤᠨ ᠲᠣᠬᠢᠷᠠᠭᠤᠯᠤᠯᠲᠠ ᠬᠢᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠦᠷᠢᠶᠡᠰᠦᠨ ᠮᠥᠩᠭᠦ ᠶᠢ ᠬᠥᠩᠭᠡᠯᠡᠵᠦ ᠬᠡᠯᠲᠦᠷᠢᠭᠦᠯᠬᠦ ᠠᠵᠢᠯ ᠢ ᠯᠠᠪᠳᠠᠭᠤᠨ ᠪᠠᠲᠤᠲᠠᠢ ᠬᠢᠪᠡ︔ ᠬᠤᠶᠠᠷ ᠲᠤ᠂ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠢᠷᠤᠮᠯᠠᠨ ᠰᠠᠬᠢᠬᠤ ᠶᠢ ᠰᠠᠨᠠᠭᠤᠯᠤᠨ ᠱᠠᠭᠠᠷᠳᠠᠵᠤ᠂ ᠴᠤᠪᠤᠷᠠᠯ ᠢ ᠵᠣᠬᠢᠰᠲᠠᠢ ᠵᠢᠷᠤᠮᠵᠢᠭᠤᠯᠤᠨ᠂ ᠵᠠᠪᠠᠯ ᠭᠦᠢᠴᠡᠳᠬᠡᠬᠦ ᠳᠠᠷᠠᠭᠠᠯᠠᠯ ᠢ ᠭᠦᠢᠴᠡᠳᠬᠡᠨ᠂ ᠡᠷᠬᠡ ᠲᠡᠭᠰᠢ ᠢᠯᠡ ᠲᠣᠳᠣ ᠲᠥᠪ ᠭᠤᠣᠯᠴᠢ᠂ ᠯᠠᠪᠳᠠᠭᠤᠨ ᠡᠮᠬᠢ ᠵᠢᠷᠤᠮ ᠲᠠᠢ ᠪᠠᠷ ᠲᠦᠷᠢᠶᠡᠰᠦᠨ ᠮᠥᠩᠭᠦ ᠶᠢ ᠬᠥᠩᠭᠡᠯᠡᠵᠦ ᠬᠡᠯᠲᠦᠷᠢᠭᠦᠯᠬᠦ ᠠᠵᠢᠯ ᠢ ᠰᠠᠶᠢᠲᠤᠷ ᠬᠢᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号