ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠨᠡᠶᠢᠲᠡᠯᠡᠬᠦ ᠦᠢᠯᠡᠴᠢᠯᠡᠭᠡᠨ ᠤ ᠵᠦᠭᠯᠡᠭᠦᠷ
ᠨᠡᠶᠢᠲᠡᠯᠡᠭᠰᠡᠨ ᠴᠠᠭ᠄
2020-05-25
     ᠨᠢᠭᠡ᠂ ᠤᠴᠢᠷ ᠶᠠᠪᠤᠳᠠᠯ ᠤᠨ ᠲᠣᠪᠴᠢ ᠲᠣᠭᠠᠴᠢᠯᠲᠠ      ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠬᠦ ᠠᠴᠠ  ᠪᠣᠰᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠶ ᠪᠣᠯ ᠭᠤᠶᠤᠴᠢᠯᠠᠵᠤ ᠪᠤᠯᠤᠨ᠎ᠠ᠃      ᠬᠤᠶᠠᠷ᠂ ᠦᠨᠳᠦᠰᠦᠨ ᠡᠯᠧᠮᠧᠨ᠋ᠲ      ︵ᠨᠢᠭᠡ︶  ᠤᠴᠢᠷ ᠶᠠᠪᠤᠳᠠᠯ ᠤᠨ ᠨᠡᠷᠡᠶᠢᠳᠦᠯ      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠨᠡᠶᠢᠳᠡᠯᠡᠬᠦ      ︵ᠬᠤᠶᠠᠷ︶ ᠭᠦᠢᠴᠡᠳᠭᠡᠬᠦ ᠮᠠᠲ᠋ᠧᠷᠢᠶᠠᠯ      ︽ᠬᠥᠬᠡᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠳᠡᠯᠡᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ      ︵ᠭᠤᠷᠪᠠ︶  ᠬᠦᠢᠴᠡᠳᠭᠡᠬᠦ ᠠᠷᠭ᠎ᠠ ᠮᠠᠶ᠋ᠢᠭ      1.ᠢᠨᠲ᠋ᠧᠷ ᠰᠦᠯᠵᠢᠶ᠎ᠡ ᠪᠠᠷ ᠭᠤᠶᠤᠴᠢᠯᠠᠨ᠎ᠠ᠃ ᠭᠤᠶᠤᠴᠢᠯᠠᠭᠴᠢ ᠨᠢ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠤᠨ ᠰᠦᠯᠵᠢᠶᠡᠨ ᠥᠷᠲᠡᠭᠡ  ᠶᠢᠨ ᠭᠤᠶᠤᠴᠢᠯᠠᠯ  ᠢᠶᠠᠷ ᠢᠯᠡ ᠨᠡᠶᠢᠳᠡᠯᠡᠬᠦ ᠰᠢᠰᠲ᠋ᠧᠮ  ᠳᠤ   ᠡᠯᠧᠺᠲᠷᠤᠨ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ ᠲᠤᠰᠢᠶᠠᠵᠤ ᠪᠣᠯᠤᠨ᠎ᠠ᠃      2. ᠵᠠᠬᠢᠳᠠᠯ  ᠢᠶᠠᠷ ᠭᠤᠶᠤᠴᠢᠯᠠᠨ᠎ᠠ᠃ ᠭᠤᠶᠤᠴᠢᠯᠠᠭᠴᠢ ᠵᠠᠬᠢᠳᠠᠯ ᠤᠨ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠭᠰᠠᠨ ᠪᠣᠯ ᠵᠠᠬᠢᠳᠠᠯ ᠤᠨ ᠳᠤᠭᠲᠤᠢ ᠶᠢᠨ ᠢᠯᠡᠷᠬᠡᠶ ᠣᠷᠣᠨ ᠪᠠᠶᠢᠷᠢ ᠳᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ  ᠨᠡᠶᠢᠳᠡᠯᠡᠬᠦ  ᠭᠤᠶᠤᠴᠢᠯᠠᠯ︾ ᠭᠡᠰᠡᠨ ᠦᠰᠦᠭ ᠢ ᠲᠣᠳᠣᠷᠬᠠᠶᠢᠯᠠᠬᠤ ᠪᠣᠯᠪᠠᠤ᠃      3.ᠨᠢᠭᠤᠷᠳᠠᠨ ᠭᠤᠶᠤᠴᠢᠯᠠᠬᠤ᠃ ᠭᠤᠶᠤᠴᠢᠯᠠᠭᠴᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ  ᠳᠤ ᠬᠦᠷᠴᠦ᠂  ᠲᠤᠬᠠᠢ ᠶᠢᠨ ᠲᠠᠯᠠᠪᠤᠷ ᠲᠤ ᠭᠤᠶᠤᠴᠢᠯᠠᠯ ᠭᠠᠷᠭᠠᠵᠤ ᠪᠣᠯᠤᠨ᠎ᠠ᠃      ︵ ᠲᠥᠷᠪᠡ︶  ᠬᠦᠢᠴᠡᠳᠭᠡᠬᠦ ᠴᠠᠭ ᠤᠨ ᠬᠢᠵᠠᠭᠠᠷ      ᠲᠤᠰ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠳᠡᠯᠡᠬᠦ ᠭᠤᠶᠤᠴᠢᠯᠠᠯ ᠢ  ᠲᠤᠰᠤᠭᠰᠠᠨ ᠤ ᠲᠠᠷᠠᠭ᠎ᠠ ᠲᠡᠷᠡ ᠳᠣᠣᠷ᠎ᠠ ᠨᠢ ᠬᠠᠷᠢᠭᠤᠯᠲᠠ ᠥᠭᠴᠦ ᠳᠡᠶᠢᠯᠪᠡᠯ ᠲᠡᠷᠡ ᠳᠣᠣᠷ᠎ᠠ ᠨᠢ ᠬᠠᠷᠢᠭᠤᠯᠲᠠ ᠥᠭᠭᠦᠨ᠎ᠡ︔ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ  ᠪᠣᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠭᠦᠨ᠎ᠡ︔ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠣᠯ᠂ ᠲᠤᠰ ᠪᠠᠶᠢᠭᠤᠯᠭ᠎ᠠ ᠶᠢᠨ  ᠬᠠᠷᠢᠭᠤᠴᠠᠯᠭᠠᠳᠠᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠳᠤ ᠮᠡᠳᠡᠭᠳᠡᠨ᠎ᠡ᠂ ᠬᠠᠷᠢᠭᠤᠯᠲᠠ ᠥᠭᠬᠦ ᠶᠢ ᠤᠷᠲᠤᠳᠬᠠᠬᠤ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃      ︵ᠲᠠᠪᠤ︶ ᠦᠷ᠎ᠡ ᠳ᠋ᠦᠩ ᠢ ᠬᠦᠷᠭᠡᠬᠦ      ᠲᠤᠰ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠳᠡᠯᠡᠬᠦ ᠭᠤᠶᠤᠴᠢᠯᠠᠯ ᠢ  ᠲᠤᠰᠤᠭᠰᠠᠨ ᠤ ᠲᠠᠷᠠᠭ᠎ᠠ ᠲᠡᠷᠡ ᠳᠣᠣᠷ᠎ᠠ ᠨᠢ ᠬᠠᠷᠢᠭᠤᠯᠲᠠ ᠥᠭᠴᠦ ᠳᠡᠶᠢᠯᠪᠡᠯ ᠲᠡᠷᠡ ᠳᠣᠣᠷ᠎ᠠ ᠨᠢ ᠬᠠᠷᠢᠭᠤᠯᠲᠠ ᠥᠭᠭᠦᠨ᠎ᠡ︔ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ  ᠪᠣᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠭᠦᠨ᠎ᠡ︔ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ  ᠪᠣᠯ᠂ ᠲᠤᠰ ᠪᠠᠶᠢᠭᠤᠯᠭ᠎ᠠ ᠶᠢᠨ  ᠬᠠᠷᠢᠭᠤᠴᠠᠯᠭᠠᠳᠠᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠳᠤ  ᠮᠡᠳᠡᠭᠳᠡᠨ᠎ᠡ᠂ ᠬᠠᠷᠢᠭᠤᠯᠲᠠ ᠥᠭᠬᠦ ᠶᠢ ᠤᠷᠲᠤᠳᠬᠠᠬᠤ ᠬᠤᠭᠤᠴᠠᠭ᠎ᠠ ᠶᠢ 20 ᠠᠵᠢᠯᠯᠠᠬᠤ  ᠡᠳᠦᠷ ᠠᠴᠠ ᠬᠡᠲᠦᠷᠡᠭᠦᠯᠵᠦ ᠪᠣᠯᠬᠤ ᠦᠭᠡᠢ᠃      ︵ᠵᠢᠷᠭᠤᠭ᠎ᠠ︶  ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ       ᠰᠦᠢᠳᠭᠡᠯ ᠬᠤᠷᠢᠶᠠᠬᠤ ᠦᠭᠡᠢ      ︵ᠳᠣᠯᠤᠭ᠎ᠠ︶ ᠬᠦᠢᠴᠡᠳᠭᠡᠬᠦ ᠴᠠᠭ      ᠰᠦᠯᠵᠢᠶᠡᠨ ᠳᠡᠭᠡᠷ᠎ᠡ ᠬᠡᠵᠢᠶ᠎ᠡ ᠴᠦ ᠭᠤᠶᠤᠴᠢᠯᠠᠵᠤ ᠪᠣᠯᠤᠨ᠎ᠠ      ᠨᠢᠭᠤᠷᠳᠠᠨ ᠭᠤᠶᠤᠴᠢᠯᠠᠬᠤ ᠨᠢ᠄ ᠠᠵᠢᠯᠯᠠᠬᠤ ᠡᠳᠦᠷ ᠤᠨ ᠦᠳᠡ ᠡᠮᠦᠨ᠎ᠡ 9 : 00 - 12 : 00᠂ ᠦᠳᠡ ᠶᠢᠨ ᠬᠤᠶᠢᠨᠠᠬᠢ 13᠄ 00 — 17᠄ 00᠂ ᠭᠠᠷᠠᠭ ᠤᠨ ᠲᠠᠪᠤᠨ ᠤ ᠦᠳᠡ ᠶᠢᠨ ᠬᠤᠶᠢᠨ᠎ᠠ ᠳᠣᠲᠣᠭᠠᠳᠤ ᠳᠠᠭᠠᠨ ᠰᠤᠷᠤᠯᠴᠠᠵᠤ ᠭᠠᠳᠠᠭᠰᠢ ᠠᠵᠢᠯᠯᠠᠬᠤ ᠥᠬᠡᠶ᠃      ︵ᠨᠠᠢᠮᠠ︶  ᠬᠦᠢᠴᠡᠳᠭᠡᠬᠦ ᠪᠠᠶᠢᠭᠤᠯᠤᠮᠵᠢ ᠵᠢᠴᠢ ᠭᠠᠵᠠᠷ      ᠪᠠᠶᠢᠭᠤᠯᠤᠮᠵᠢ᠄ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠯᠪᠠᠨ ᠬᠡᠷ      ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠠᠶᠢᠯᠠᠷ ᠪᠠᠷᠠᠭᠤᠨ ᠵᠡᠭᠡᠯᠢ ᠶᠢᠨ   ᠶᠢᠨ ᠬᠠᠢ ᠣᠯᠠᠨ ᠤᠯᠤᠰ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ E ᠰᠠᠭᠤᠳᠠᠯ ᠤᠨ 13 ᠳ᠋ᠤᠭᠠᠷ ᠠᠰᠠᠷ      ︵ᠶᠢᠰᠦ︶ ᠠᠰᠠᠭᠤᠨ ᠯᠠᠪᠯᠠᠬᠤ ᠪᠠ ᠪᠠᠶᠢᠴᠠᠭᠠᠨ ᠯᠠᠪᠯᠠᠬᠤ ᠠᠷᠭ᠎ᠠ ᠵᠠᠮ      ᠯᠠᠪᠯᠠᠬᠤ ᠤᠲᠠᠰᠤ᠄ 0471-5181201      ᠰᠦᠯᠵᠢᠶᠡᠨ ᠳᠡᠭᠡᠷ᠎ᠡ ᠲᠤᠰᠢᠶᠠᠭᠰᠠᠨ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ  ᠠᠯᠪᠠᠨ ᠤ ᠰᠦᠯᠵᠢᠶᠡᠨ ᠥᠷᠲᠡᠭᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠤᠨ ᠰᠦᠯᠵᠢᠶᠡᠨ ᠥᠷᠲᠡᠭᠡ  ᠶᠢᠨ ᠭᠤᠶᠤᠴᠢᠯᠠᠯ ᠢᠶᠠᠷ ᠢᠯᠡ ᠨᠡᠶᠢᠳᠡᠯᠡᠬᠦ ᠰᠢᠰᠲ᠋ᠧᠮ ᠤᠨ ᠢᠯᠡ ᠪᠠᠷ ᠨᠡᠶᠢᠳᠡᠯᠡᠬᠦ ᠶᠢ ᠭᠤᠶᠤᠴᠢᠯᠠᠭᠰᠠᠨ ᠦᠷ᠎ᠡ ᠳ᠋ᠦᠩ ᠤᠨ ᠪᠤᠯᠤᠩ ᠳᠤ ᠤᠷᠤᠵᠤ  ᠯᠠᠪᠯᠠᠵᠤ ᠪᠣᠯᠤᠨ᠎ᠠ᠃      ︵ᠠᠷᠪᠠ︶ ᠬᠢᠨᠠᠯᠲᠠ ᠲᠠᠯᠪᠢᠬᠤ ᠵᠠᠭᠠᠯᠳᠤᠬᠤ ᠠᠷᠭ᠎ᠠ ᠵᠠᠮ      0471-5181231 ︵ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ  ᠳᠤ ᠰᠠᠭᠤᠭ᠎ᠠ ᠲᠣᠮᠢᠯᠠᠨ ᠰᠠᠭᠤᠭ᠎ᠠ ᠳᠤᠭᠤᠶᠢᠯᠠᠩ︶      ᠭᠤᠷᠪᠠ᠂  ᠬᠦᠢᠴᠡᠳᠭᠡᠬᠦ ᠴᠤᠪᠤᠷᠠᠯ ᠵᠢᠷᠤᠭ ᠢ ᠳᠠᠭᠠᠯᠳᠤᠭᠤᠯᠤᠯ ᠳᠤ ᠦᠵᠡ     ᠳᠠᠭᠠᠯᠳᠤᠭᠤᠯᠤᠯ 1᠄ 2.1 ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ  ᠨᠡᠶᠢᠳᠡᠯᠡᠬᠦ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号