ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽︿ᠲᠣᠮᠣ ᠳ᠋ᠠᠶᠢᠲ᠋ᠠ﹀ ᠶᠢ ᠪᠣᠶᠢᠵᠢᠭᠤᠯᠤᠨ ︿ᠡᠭᠦᠯᠡᠨ ᠪᠣᠳᠣᠯᠲᠠ﹀ ᠶᠢ ᠲᠥᠪᠯᠡᠷᠡᠭᠦᠯᠵᠦ ᠠᠷᠠᠳ ᠲᠤ ᠠᠰᠢᠭ ᠬᠦᠷᠲᠡᠭᠡᠶ᠎ᠡ︾ ᠭᠡᠬᠦ ᠲᠤᠰᠬᠠᠢ ᠰᠤᠷᠪᠤᠯᠵᠢᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2020/5/25
     5 ᠳ᠋ᠤᠭᠠᠷ ᠰᠠᠷ᠎ᠠ ᠶᠢᠨ 23 ᠤ ᠡᠳᠦᠷ᠂ ᠰᠣᠨᠢᠨ ᠮᠡᠳᠡᠭᠡᠨ ᠤ ᠳᠠᠬᠢᠨ ᠠᠵᠢᠭᠯᠠᠨ ᠮᠡᠳᠡᠭᠡᠯᠡᠬᠦ ᠳᠤᠭᠤᠶᠢᠯᠠᠩ ᠤᠨ ᠬᠢᠨ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ ᠵᠢᠴᠢ ᠣᠨᠴᠠ ᠤᠷᠢᠯᠭ᠎ᠠ ᠶᠢᠨ ᠰᠢᠭᠦᠮᠵᠢᠯᠡᠭᠴᠢ ᠯᠢ ᠶᠦᠩ ᠴᠢᠶᠠᠩ ᠢ ᠤᠷᠢᠵᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠦᠩ ᠹᠠᠩ ᠦᠢᠯᠡᠴᠢᠯᠡᠭᠦᠷ ᠦᠢᠯᠡᠳᠪᠦᠷᠢᠯᠡᠬᠦ ᠰᠠᠭᠤᠷᠢᠨ ᠭᠠᠵᠠᠷ ᠲᠤ ᠬᠦᠷᠴᠦ᠂ ᠰᠢᠨ᠎ᠡ ᠲᠣᠭᠤᠷᠢᠭ ᠤᠨ ᠠᠵᠤ ᠠᠬᠤᠶᠢᠯᠠᠯ ᠤᠨ ᠲᠥᠯᠥᠭᠡᠯᠡᠭᠴᠢ᠂ ᠠᠵᠢᠯᠲᠠᠳ ᠲᠠᠢ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠶᠢᠯᠠᠭᠠᠯᠲᠠ ᠪᠣᠯᠤᠨ ᠲᠦᠷᠦᠭᠳᠡᠯ ᠢᠶᠠᠨ ᠶᠠᠷᠢᠯᠴᠠᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ