ᠮᠠᠨ ᠤ ᠬᠤᠲᠠ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠣᠬᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2020-05-26
     ᠥᠴᠥᠭᠡᠳᠦᠷ᠂ ᠬᠤᠲᠠ ᠶᠢᠨ ᠤᠯᠤᠰ  ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ  ᠣᠶᠢᠯᠠᠭᠠᠭᠰᠠᠨ ᠢᠶᠠᠷ ᠂ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠪᠦᠬᠦ ᠬᠤᠲᠠ ᠶᠢᠨ 76 ᠰᠢᠶᠠᠩ ᠪᠠᠯᠭᠠᠰᠤ᠂ ᠵᠡᠭᠡᠯᠢ ᠭᠤᠳᠤᠮᠵᠢ ᠪᠦᠬᠦᠨ ᠳᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠣᠬᠢᠷᠠᠭᠤᠯᠵᠤ᠂ ︽ᠨᠠᠮ ᠠᠴᠠ ᠤᠯᠤᠰ ᠲᠥᠷᠥ ᠬᠠᠤᠯᠢ ᠴᠠᠭᠠᠵᠠ ᠶᠢ ᠬᠠᠮᠢᠶᠠᠷᠬᠤ︾ ᠶᠢ ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠪᠡ᠃      ᠣᠶᠢᠯᠠᠭᠠᠭᠰᠠᠨ ᠢᠶᠠᠷ᠂ ᠮᠠᠨ ᠤ ᠬᠤᠲᠠ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠣᠬᠢᠷᠠᠭᠤᠯᠬᠤ ᠠᠵᠢᠯ ᠢ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠦᠨᠳᠦᠰᠦᠨ ᠱᠠᠲᠤᠨ ᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠪᠠ᠃ ᠬᠤᠲᠠ ᠶᠢᠨ ᠨᠠᠮ ᠤᠨ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠶᠢᠳᠠᠪᠤᠷᠢᠵᠢᠭᠤᠯᠤᠨ ᠪᠠᠶᠢᠷᠢᠯᠠᠭᠤᠯᠬᠤ ᠶᠢ ᠬᠦᠴᠦᠲᠡᠢ ᠲᠦᠯᠬᠢᠨ ᠠᠬᠢᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠨᠢᠭᠡᠳᠦᠯᠲᠡᠢ ᠵᠣᠬᠢᠴᠠᠭᠤᠯᠤᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠲᠠᠢ ᠬᠠᠮᠲᠤᠷᠠᠨ ᠪᠠᠶᠢᠳᠠᠯ ᠢ  ᠣᠶᠢᠯᠠᠭᠠᠬᠤ  ᠪᠠᠶᠢᠴᠠᠭᠠᠯᠲᠠ ᠬᠢᠵᠦ᠂ ᠠᠵᠢᠯ ᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠤᠨ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠨᠢᠭᠡ ᠪᠦᠯᠦᠭ ᠤᠯᠤᠰ ᠲᠥᠷᠥ ᠳᠤ ᠦᠨᠡᠨᠴᠢ᠂ ᠬᠠᠷᠢᠭᠤᠴᠠᠯᠭ᠎ᠠ ᠲᠠᠢ᠂ ᠡᠭᠦᠷᠭᠡᠯᠡᠯ ᠲᠠᠢ᠂ ᠠᠵᠢᠯ ᠳᠠᠭᠠᠨ ᠭᠠᠷᠮᠠᠭᠠᠢ ᠺᠠᠳ᠋ᠷ ᠢ ᠰᠢᠯᠢᠨ ᠰᠣᠩᠭᠤᠵᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠢᠶᠠᠷ ᠲᠣᠮᠢᠯᠠᠪᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠣᠬᠢᠷᠠᠭᠤᠯᠬᠤ ᠨᠢ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠶᠢᠭᠤᠯᠤᠯ ᠢ ᠰᠢᠯᠤᠭᠤᠳᠬᠠᠬᠤ ᠳᠤ ᠠᠰᠢᠭᠲᠠᠢ᠂ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠦᠨᠳᠦᠰᠦᠨ ᠱᠠᠲᠤᠨ ᠤ ᠲᠣᠭᠲᠠᠭᠤᠨ ᠢ ᠶᠡᠷᠦᠩᠬᠡᠶᠢᠯᠡᠨ ᠵᠠᠰᠠᠬᠤ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠨᠡᠶᠢᠭᠡᠮ ᠤᠨ ᠡᠶ᠎ᠡ ᠵᠣᠬᠢᠴᠠᠯ ᠲᠤᠭᠲᠠᠭᠤᠨ ᠢ ᠪᠦᠬᠦ ᠲᠠᠯ᠎ᠠ ᠪᠠᠷ ᠬᠠᠮᠠᠭᠠᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠤᠶᠢᠯᠠᠭᠠᠭᠰᠠᠨ ᠢᠶᠠᠷ᠂ ᠳᠠᠷᠠᠭᠠᠴᠢ ᠪᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢ ᠰᠤᠷᠤᠯᠴᠠᠯᠭ᠎ᠠ  ᠪᠣᠯᠪᠠᠰᠤᠷᠠᠭᠤᠯᠤᠯ  ᠤᠨ ᠠᠵᠢᠯᠯᠠᠭ᠎ᠠ ᠶᠢ ᠤᠯᠠᠮ ᠨᠢᠭᠡ ᠠᠯᠬᠤᠮ ᠥᠷᠭᠡᠨ ᠢᠶᠠᠷ ᠥᠷᠨᠢᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠬᠡᠪ ᠪᠣᠯᠪᠠᠰᠤᠷᠠᠯ ᠠᠵᠢᠯ ᠤᠨ ᠴᠢᠳᠠᠪᠤᠷᠢ ᠪᠠ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂  ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠲᠠᠯ᠎ᠠ ᠶᠢᠨ ᠳᠦᠷᠢᠮ ᠲᠣᠭᠲᠠᠭᠠᠯ ᠲᠣᠭᠲᠠᠴᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠪᠦᠬᠦ ᠲᠠᠯ᠎ᠠ ᠪᠠᠷ ᠬᠠᠷᠢᠭᠤᠴᠠᠯᠭ᠎ᠠ ᠪᠠᠨ ᠭᠦᠢᠴᠡᠳᠬᠡᠨ ᠡᠭᠦᠷᠭᠡ ᠪᠠᠨ ᠪᠡᠶᠡᠯᠡᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠲᠥᠷᠥᠯ ᠤᠨ ᠠᠵᠢᠯ ᠤᠨ ᠪᠠᠶᠢᠷᠢᠯᠠᠭᠤᠯᠤᠯᠲᠠ ᠦᠨᠳᠦᠰᠦᠨ ᠱᠠᠲᠤᠨ ᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠦᠬᠦ ᠲᠠᠯ᠎ᠠ ᠪᠠᠷ ᠨᠠᠶᠢᠳᠠᠪᠤᠷᠢᠵᠢᠭᠳᠠᠬᠤ ᠶᠢ ᠪᠠᠲᠤᠯᠠᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号