ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠠᠬᠢᠨ | ᠳᠡᠭᠡᠭᠰᠢᠯᠡᠵᠦ᠂ ᠳᠠᠬᠢᠨ ᠬᠦᠭᠵᠢᠬᠦ ᠶᠢ ᠠᠬᠢᠭᠤᠯᠬᠤ ᠶᠢᠨ ᠲᠦᠯᠦᠭᠡ᠂ 2020 ᠣᠨ ᠤ 5 ᠳ᠋ᠤᠭᠠᠷ ᠰᠠᠷ᠎ᠠ ᠶᠢᠨ | 21 ᠤ ᠦᠳᠡ ᠶᠢᠨ ᠬᠤᠶᠢᠨ᠎ᠠ ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠳᠡᠳ᠋ ᠳᠠᠷᠤᠭ᠎ᠠ ᠹᠠᠨ ᠱᠤ᠋ ᠲᠥᠷᠥᠯ ᠬᠤᠪᠢᠶᠠᠬᠤ ᠠᠯᠪᠠᠨ ᠭᠡᠷ ᠤᠨ | ᠬᠠᠷᠢᠭᠤᠴᠠᠯᠭᠠᠲᠠᠨ ᠢᠶᠠᠨ ᠳᠠᠭᠠᠭᠤᠯᠤᠨ ᠵᠤᠴᠢᠨ ᠤᠭᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠬᠦᠷᠴᠦ ᠬᠡᠷᠬᠢᠨ ᠦᠨᠳᠦᠰᠦᠨ ᠠᠴᠠ ᠨᠢ ᠬᠤᠭ ᠨᠣᠪᠰᠢ ᠶᠢ ᠲᠥᠷᠥᠯ ᠬᠤᠪᠢᠶᠠᠬᠤ ᠪᠢᠲᠡᠭᠦᠤ | ᠴᠠᠭᠠᠷᠢᠭᠲᠤ ᠬᠠᠮᠢᠶᠠᠷᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠳᠡᠳ᠋ ᠲᠣᠪᠴᠢᠶᠠᠨ ᠳᠠᠷᠤᠭ᠎ᠠ ᠹᠠᠨ | ᠱᠤ᠋ ᠲᠣᠰ ᠤᠳᠠᠭᠠᠨ ᠤ ᠬᠤᠷᠠᠯ ᠢ ᠡᠷᠭᠢᠯᠡᠵᠦ᠂ ᠵᠤᠴᠢᠨ ᠤᠭᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠯ᠎ᠡ ᠨᠡᠶᠢᠭᠡᠮ ᠲᠣᠭᠤᠷᠢᠭ ᠤᠨ ᠤᠳᠤᠷᠢᠳᠤᠯᠭ᠎ᠠ᠂ ᠠᠳᠠᠯ ᠠᠬᠤᠶ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠹᠠᠨ ᠱᠣ᠋ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ | ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠤᠰ ᠣᠨ ᠤ ᠭᠤᠤᠯᠳᠠᠯᠭ᠎ᠠ ᠲᠠᠢ ᠠᠵᠢᠯ ᠤᠨ | ᠬᠦᠷᠢᠶ᠎ᠡ ᠬᠡᠪᠴᠢᠶᠡᠨ ᠳᠡᠭᠡᠨ ᠣᠷᠣᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ︽ᠬᠠᠷᠢᠶ᠎ᠠ ᠭᠠᠵᠠᠷ ᠬᠠᠮᠢᠶᠠᠷᠤᠭᠤᠯᠬᠤ᠂ ᠰᠠᠯᠠᠭ᠎ᠠ ᠮᠥᠴᠢᠷ | ᠲᠦᠷᠦᠭᠦᠯᠡᠨ ᠬᠢᠬᠦ᠂ ᠬᠠᠮᠲᠤᠪᠠᠷ ᠣᠷᠣᠯᠴᠠᠬᠤ᠂ ᠬᠦᠴᠦ ᠪᠠᠨ ᠬᠠᠮᠲᠤᠳᠬᠠᠨ ᠠᠬᠢᠭᠤᠯᠬᠤ︾ ᠰᠠᠶᠢᠨ ᠰᠠᠶᠢᠬᠠᠨ | ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠶ ᠭᠡᠪᠡ᠃ ᠳᠠᠷᠠᠭ᠎ᠠ ᠨᠢ᠂ ᠵᠤᠴᠢᠨ ᠤᠭᠲᠤᠬᠤ ᠰᠢᠨ᠎ᠡ ᠵᠠᠮ ᠤᠨ ᠬᠡᠷᠡᠭ | ᠡᠷᠬᠢᠯᠡᠬᠦ ᠭᠠᠵᠠᠷ ᠤᠨ ᠫᠠᠩ ᠡᠷᠬᠢᠯᠡᠭᠴᠢ ᠵᠠᠩ ᠱᠦᠵᠢ ᠲᠤᠰ ᠲᠤᠰ ᠶᠠᠷᠢᠶ᠎ᠠ ᠲᠠᠯᠪᠢᠵᠤ᠂ ᠲᠤᠰ ᠪᠡᠶ᠎ᠡ ᠶᠢᠨ ᠪᠣᠳᠠᠲᠤ | ᠪᠠᠶᠢᠳᠠᠯ ᠳᠠᠭᠠᠨ ᠰᠠᠭᠤᠷᠢᠯᠠᠵᠤ ᠣᠯᠠᠨ ᠠᠷᠭ᠎ᠠ ᠬᠡᠮᠵᠢᠶ᠎ᠡ ᠠᠪᠴᠤ᠂ ᠨᠠᠮ ᠤᠨ ᠭᠡᠰᠢᠭᠦᠨ ᠤ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠬᠦᠲᠦᠯᠦᠨ ᠵᠢᠯᠣᠭᠤᠳᠴᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ | ᠠᠵᠢᠯ ᠤᠨ ᠬᠤᠷᠠᠯ ᠬᠤᠷᠠᠯᠳᠤᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠳᠤᠮᠳᠠᠬᠢ ᠰᠠᠶᠢᠨ | ᠲᠤᠷᠰᠢᠯᠭ᠎ᠠ᠂ ᠰᠠᠶᠢᠨ ᠠᠷᠭ᠎ᠠ ᠶᠢ ᠴᠠᠭ ᠲᠤᠬᠠᠢ ᠳᠤᠨᠢ ᠳ᠋ᠦᠩᠨᠡᠬᠦ ᠶᠢᠨ ᠬᠠᠮᠲᠤ ᠲᠡᠷᠢᠭᠦᠨ ᠤ ᠨᠡᠶᠢᠲᠡᠯᠢᠭ ᠵᠢᠱᠢᠶ᠎ᠡ ᠶᠢ | ᠳᠡᠯᠭᠡᠷᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠢᠨ᠎ᠡ ᠪᠠᠷ ᠥᠷᠨᠢᠭᠦᠯᠵᠦ᠂ ᠡᠯ᠎ᠡ | ᠵᠣᠶᠢᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠠᠶᠢᠳᠠᠪᠤᠷᠢᠵᠢᠭᠤᠯᠬᠤ᠂ ᠨᠠᠷᠢᠯᠢᠭᠵᠢᠭᠤᠯᠬᠤ ᠶᠢ | ᠦᠨᠡᠨᠬᠦ ᠪᠠᠲᠤᠯᠠᠵᠤ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠨ ᠣᠯᠤᠯᠲᠠ ᠶᠢᠨ ᠲᠥᠷᠥᠭᠳᠡᠯ ᠪᠠ ᠵᠣᠯ | ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ ᠭᠡᠪᠡ᠃ | | | | | | | | | | |