ᠴᠢᠩ ᠱᠦᠶ ᠾᠧ ᠰᠢᠶᠠᠨ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡ ᠶᠢᠨ ᠥᠭᠡᠷᠡᠴᠢᠯᠡᠯᠲᠡ ᠡᠮᠴᠢᠯᠡᠭᠡ ᠶᠢᠨ ᠪᠦᠯᠦᠭᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-27
     5 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡ ᠶᠢᠨ ᠥᠭᠡᠷᠡᠴᠢᠯᠡᠯᠲᠡ ᠡᠮᠴᠢᠯᠡᠭᠡ ᠶᠢᠨ ᠪᠦᠯᠦᠭᠯᠡᠯ ᠤᠨ ᠠᠵᠢᠯ ᠤᠨ ᠬᠤᠷᠠᠯ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠬᠤᠷᠠᠯᠳᠤᠪᠠ᠃ ᠬᠤᠷᠠᠯ ᠤᠨ ᠭᠤᠤᠯ ᠵᠣᠷᠢᠯᠭ᠎ᠠ ᠪᠣᠯ ᠮᠠᠨ ᠤ ᠰᠢᠶᠠᠨ ᠤ ᠡᠮᠴᠢᠯᠡᠭᠡᠨ ᠤ ᠪᠠᠶᠢᠭᠤᠯᠤᠮᠵᠢ ᠶᠢᠨ ᠣᠳᠣᠬᠢ ᠪᠠᠶᠢᠳᠠᠯ ᠳᠤ ᠰᠠᠭᠤᠷᠢᠯᠠᠵᠤ᠂ ᠠᠵᠢᠯ ᠤᠨ ᠰᠡᠳᠬᠢᠮᠵᠢ ᠪᠠᠨ ᠨᠡᠭᠡᠭᠡᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ᠃      ᠬᠤᠷᠠᠯ ᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ ᠽᠠᠢ ᠵᠢᠶᠦ᠋ᠨ ᠡᠷᠬᠢᠯᠡᠪᠡ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠮᠠᠨ ᠤ ᠰᠢᠶᠠᠨ ᠤ ᠣᠳᠣᠬᠠᠨ ᠤ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠱᠠᠲᠤᠨ ᠤ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠠᠵᠢᠯ ᠤᠨ ᠵᠦᠢᠯᠡᠰ ᠤᠨ ᠲᠤᠬᠠᠶ ᠪᠣᠳᠠᠲᠠᠶ ᠲᠣᠬᠢᠷᠠᠭᠤᠯᠤᠯᠲᠠ ᠬᠢᠪᠡ᠃ ᠲᠡᠷᠡ ᠵᠢᠭᠠᠵᠤ ᠭᠠᠷᠭᠠᠭᠰᠠᠨ ᠨᠢ᠂ ᠨᠢᠭᠡ ᠳᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠰᠢᠶᠠᠨ ᠤ ᠬᠡᠪᠴᠢᠶᠡᠨ ᠤ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ᠂ ᠡᠮᠴᠢᠯᠡᠭᠡᠨ ᠤ ᠲᠠᠯᠠᠪᠤᠷ ᠂ ᠪᠠᠭᠠᠵᠢ ᠬᠡᠷᠡᠭᠰᠡᠯ ᠢ ᠳᠣᠭᠢᠷᠠᠭᠤᠯᠬᠤ ᠠᠵᠢᠯ ᠢ ᠰᠠᠶᠢᠲᠤᠷ ᠬᠢᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠥᠭᠡᠷᠡᠴᠢᠯᠡᠯᠲᠡ᠂ ᠡᠮᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠨ᠎ᠠ᠃ ᠬᠤᠶᠠᠷ ᠲᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢᠨ ᠠᠵᠢᠯ ᠤᠨ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠤᠳᠤᠷᠢᠳᠬᠤ ᠪᠠᠭ ᠢ ᠭᠦᠢᠴᠡᠳ ᠪᠥᠭᠡᠳ ᠴᠢᠩᠭ᠎ᠠ ᠲᠣᠬᠢᠷᠠᠭᠤᠯᠵᠤ᠂ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠴᠧᠨ ᠸᠧᠨ ᠵᠢᠶᠦ᠋ᠨ ᠰᠢᠶᠠᠨ ᠤ ᠬᠡᠪᠴᠢᠶᠡᠨ ᠤ ᠡᠮᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ ᠲᠤᠷᠰᠢᠨ ᠠᠵᠢᠯᠯᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠼᠤᠤ ᠰᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠪᠦᠯᠦᠭᠯᠡᠯ ᠤᠨ ᠤᠳᠤᠷᠢᠳᠬᠤ ᠪᠠᠭ ᠪᠠᠶᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠬᠤᠷᠠᠯ ᠠᠴᠠ ᠪᠠᠰᠠ ᠬᠤᠷᠢᠶᠠᠨ ᠳᠠᠷᠤᠭ᠎ᠠ᠂ ᠬᠤᠷᠢᠶᠠᠨ ᠳᠡᠳ᠋ ᠳᠠᠷᠤᠭ᠎ᠠ ᠶᠢᠨ ᠨᠡᠷ᠎ᠡ ᠵᠢᠱᠢᠭᠳᠡᠭᠰᠡᠳ ᠢ ᠬᠢᠨᠠᠨ ᠵᠥᠪᠯᠡᠪᠡ᠃      ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号