ᠬᠤᠷᠢᠨᠭᠡᠷ ᠰᠢᠶᠠᠨ ᠶᠠᠳᠠᠭᠤ ᠶᠢ ᠳᠡᠳᠬᠦᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-05-27
   
     5 ᠳ᠋ᠤᠭᠠᠷ ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠪᠦᠬᠦ ᠰᠢᠶᠠᠨ ᠤ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠣ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠰᠡᠳᠬᠢᠮᠵᠢ ᠪᠠᠨ ᠰᠢᠨᠡᠴᠢᠯᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠪᠠᠨ ᠴᠢᠩᠭ᠎ᠠ ᠠᠳᠬᠤᠵᠤ᠂ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠪᠠᠶᠢᠷᠢᠯᠠᠭᠤᠯᠵᠤ᠂ ᠬᠠᠮᠢᠶ᠎ᠠ ᠪᠥᠬᠦᠶ ᠮᠠᠲ᠋ᠧᠷᠢᠶᠠᠯ ᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠨᠠᠷᠢᠯᠢᠭ ᠣᠨᠣᠴᠠᠲᠠᠶ ᠪᠣᠷᠣᠭᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ︔ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠤᠯᠪᠣᠭᠠᠯᠠᠨ ᠬᠥᠳᠡᠯᠦᠯᠴᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠲᠠᠯ᠎ᠠ ᠪᠠᠷ ᠵᠣᠯᠭᠠᠭᠤᠯᠵᠤ᠂ ᠴᠠᠭ ᠮᠥᠴᠡ ᠨᠠᠳᠠ ᠶᠢ ᠬᠦᠯᠢᠶᠡᠬᠦ ᠦᠭᠡᠶ᠂ ᠥᠷᠯᠥᠭᠡ ᠦᠳᠡᠰᠢ ᠦᠭᠡᠶ ᠲᠡᠮᠡᠴᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠵᠢᠯ ᠤᠨ ᠬᠥᠳᠡᠯᠭᠡᠭᠴᠢ ᠬᠦᠴᠦᠨ ᠪᠣᠯᠭᠠᠵᠤ᠂ ᠡᠯ᠎ᠡ ᠵᠦᠢᠯ ᠤᠨ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠠᠨ ᠨᠠᠨ ᠬᠤᠷᠠᠯ ᠢ ᠡᠷᠬᠢᠯᠡᠭᠰᠡᠨ ᠪᠥᠭᠡᠳ ᠳᠠᠷᠠᠭᠠᠴᠢ ᠶᠢᠨ ᠱᠠᠲᠤᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ ᠲᠡᠷᠡ ᠱᠠᠭᠠᠷᠳᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠺᠠᠳ᠋ᠷ ᠤᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠦᠭᠡ ᠬᠡᠯᠡ ᠪᠠᠷ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠲᠣᠳᠣᠷᠬᠠᠢ ᠶᠠᠷᠢᠬᠤ ᠬᠡᠷᠡᠭᠲᠡᠢ᠃ ᠳᠤᠲᠠᠭᠳᠠᠯ ᠢᠶᠠᠨ ᠨᠥᠬᠦᠪᠥᠷᠢᠯᠡᠬᠦ ᠶᠢ ᠪᠠᠶᠢᠴᠠᠭᠠᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠥᠴᠦᠬᠡᠨ ᠴᠦ ᠠᠯᠳᠠᠰᠢ ᠦᠭᠡᠢ ᠪᠠᠶᠢᠬᠤ ᠶᠢ ᠪᠠᠲᠣᠯᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠰᠠᠶᠢᠲᠤᠷ ᠬᠢᠬᠦ ᠲᠤᠬᠠᠶ ᠪᠣᠳᠠᠲᠠᠶ ᠰᠠᠨᠠᠭᠤᠯᠭ᠎ᠠ ᠳᠤᠷᠠᠳᠪᠠ᠃      ᠰᠢᠶᠠᠨ ᠤ ᠤᠳᠤᠷᠢᠳᠤᠯᠭ᠎ᠠ ᠭᠤᠤ ᠹᠧᠩ᠂ ᠯᠢ ᠵᠧᠩ ᠬᠤᠩ᠂ ᠯᠢ ᡁᠢ ᠭᠠᠩ᠂ ᠵᠠᠩ ᠴᠢᠤᠸᠠᠨ ᠱᠧᠩ᠂ ᠮᠠ ᠸᠧᠨ ᠵᠢᠩ᠂ ᠵᠠᠩ ᠵᠢᠶᠠᠨ ᠴᠢᠩ᠂ ᠭᠦᠸᠧ ᠸᠧᠨ ᠵᠢᠶᠦ᠋ᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ 16 ᠲᠤᠰᠬᠠᠶ ᠠᠬᠢᠭᠤᠯᠬᠤ ᠳᠤᠭᠤᠶᠢᠯᠠᠩ ᠪᠣᠯᠤᠨ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号