4 ᠳ᠋ᠦ᠋ᠭᠡᠷ ᠰᠠᠷ᠎ᠠ ᠶᠢᠨ ᠬᠥᠬᠡᠬᠤᠲᠠ ᠶᠢᠨ ᠡᠳ᠋ ᠤᠨ ᠵᠠᠰᠠᠭ ᠤᠨ ᠲᠤᠰ ᠱᠠᠲᠤᠨ ᠤ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠵᠠᠷᠤᠯᠭ᠎ᠠ ᠶᠢᠨ ᠪᠠᠶᠢᠳᠠᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2020-05-27
      ᠨᠢᠭᠡ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ       ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ       1. ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ 20099 ᠲᠦᠮᠡᠨ ᠲᠥᠭᠦᠷᠢᠭ ᠪᠠᠭᠤᠯᠭᠠᠵᠤ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠨᠥᠬᠦᠪᠦᠷᠢ ︵ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠥᠨᠥᠴᠢᠨ ᠬᠡᠦᠬᠡᠳ ᠵᠡᠷᠭᠡ ᠪᠠᠭᠲᠠᠨ᠎ᠠ︶ ᠳᠤ ᠲᠤᠰᠬᠠᠢ ᠬᠡᠷᠡᠭᠯᠡᠪᠡ᠃      2. ︽ᠭᠤᠷᠪᠠᠨ ᠠᠷᠠᠳ︾ ᠬᠥᠮᠥᠰ ᠤᠨ ᠨᠥᠬᠦᠪᠦᠷᠢ ᠪᠡᠯᠡ ᠮᠥᠩᠭᠦ 135 ᠲᠦᠮᠡᠨ ᠲᠥᠭᠦᠷᠢᠭ ᠪᠠᠭᠤᠯᠭᠠᠵᠤ᠂ ︽ᠭᠤᠷᠪᠠᠨ ᠠᠷᠠᠳ︾ ᠬᠥᠮᠥᠰ ᠢ ᠠᠰᠠᠷᠠᠨ ᠲᠡᠵᠢᠭᠡᠬᠦ ᠨᠥᠬᠦᠪᠦᠷᠢ ᠪᠡᠯᠡ ᠮᠥᠩᠭᠦ ᠳᠤ ᠲᠤᠰᠬᠠᠢ ᠬᠡᠷᠡᠭᠯᠡᠪᠡ᠃ ᠬᠥᠮᠥᠨ ᠪᠦᠷᠢ ᠰᠠᠷ᠎ᠠ ᠪᠦᠷᠢ 1183 ᠲᠥᠭᠦᠷᠢᠭ ᠤᠨ ᠪᠠᠷᠢᠮᠵᠢᠶ᠎ᠠ ᠪᠠᠷ ᠲᠥᠷᠥ ᠶᠢᠨ ᠪᠣᠳᠣᠯᠭ᠎ᠠ ᠳᠤ ᠨᠡᠶᠢᠴᠡᠬᠦ ︽ᠭᠤᠷᠪᠠᠨ ᠠᠷᠠᠳ︾ ᠬᠥᠮᠥᠰ ᠲᠤ ᠨᠥᠬᠦᠪᠦᠷᠢ ᠣᠯᠭᠤᠪᠠ᠃      3. 80  ᠨᠠᠰᠤ ᠶᠢ ᠬᠡᠳᠦᠷᠡᠭᠰᠡᠨ ᠨᠠᠰᠤᠳᠠᠶᠢᠴᠤᠳ ᠤᠨ ᠦᠨᠳᠦᠷ ᠨᠠᠰᠤᠨ ᠤ ᠨᠥᠬᠦᠪᠦᠷᠢ 869 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠡᠷᠦᠬᠡ ᠠᠮᠠ ᠲᠠᠢ  80  ᠨᠠᠰᠤ ᠶᠢ ᠬᠡᠳᠦᠷᠡᠭᠰᠡᠨ  ᠨᠠᠰᠤᠳᠠᠶᠢᠴᠤᠳ ᠲᠤ ᠨᠥᠬᠦᠪᠦᠷᠢ ᠣᠯᠭᠤᠬᠤ ᠳᠤ ᠲᠤᠰᠬᠠᠢ ᠬᠡᠷᠡᠭᠯᠡᠪᠡ᠃ ᠨᠥᠬᠦᠪᠦᠷᠢ ᠣᠯᠭᠤᠬᠤ ᠪᠠᠷᠢᠮᠵᠢᠶ᠎ᠠ᠄ 80—99 ᠨᠠᠰᠤᠨ ᠤ ᠬᠥᠮᠥᠨ ᠪᠦᠷᠢ ᠰᠠᠷ᠎ᠠ ᠪᠦᠷᠢ 100 ᠲᠥᠭᠦᠷᠢᠭ᠂ 100  ᠨᠠᠰᠤ ᠶᠢ ᠬᠡᠳᠦᠷᠡᠭᠰᠡᠨ ᠳᠤ ᠬᠥᠮᠥᠨ ᠪᠦᠷᠢ ᠰᠠᠷ᠎ᠠ ᠪᠦᠷᠢ 600 ᠲᠥᠭᠦᠷᠢᠭ᠃      4. ᠠᠵᠢᠯ ᠣᠯᠭᠤᠬᠤ ᠨᠥᠬᠦᠪᠦᠷᠢ ᠪᠡᠯᠡ ᠮᠥᠩᠭᠦ  9018 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠮᠥᠩᠭᠦ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠮᠥᠩᠭᠦ᠂ ᠠᠵᠢᠯ ᠤᠨ ᠪᠣᠯᠪᠠᠰᠤᠷᠠᠭᠤᠯᠤᠯ ᠳᠤ ᠬᠡᠷᠡᠭᠯᠡᠪᠡ᠃      5. ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ 6.19 ᠲᠦᠮᠡᠨ ᠲᠥᠭᠦᠷᠢᠭ ᠪᠠᠭᠤᠯᠭᠠᠪᠠ᠃       ︵ᠬᠤᠶᠠᠷ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ       2020 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠪᠦᠷᠢ ᠪᠡᠯᠡ ᠮᠥᠩᠭᠦ 3112 ᠲᠦᠮᠡᠨ ᠲᠥᠭᠦᠷᠢᠭ ᠪᠠᠭᠤᠯᠭᠠᠪᠠ᠃       ᠬᠤᠶᠠᠷ᠂ ᠰᠤᠷᠭᠠᠨ ᠬᠥᠮᠥᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠳᠡᠮᠵᠢᠬᠦ ᠲᠠᠯ᠎ᠠ ᠪᠠᠷ       ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠡᠯᠡ ᠮᠥᠩᠭᠦ 1000 ᠲᠦᠮᠡᠨ ᠲᠥᠭᠦᠷᠢᠭ ᠪᠠᠭᠤᠯᠭᠠᠵᠤ᠂ ᠰᠤᠷᠭᠠᠨ ᠬᠥᠮᠥᠵᠢᠯ ᠤᠨ ᠣᠳᠣᠬᠢᠴᠢᠯᠠᠯᠲᠠ ᠶᠢ ᠠᠬᠢᠭᠤᠯᠬᠤ ᠢᠨᠵᠧᠨᠧᠷᠢᠩ ︵ᠬᠥᠬᠡᠬᠤᠲᠠ ᠶᠢᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶ ᠲᠥᠷᠥᠯ ᠳᠤ ᠲᠤᠰᠬᠠᠢ  ᠬᠡᠷᠡᠭᠯᠡᠪᠡ᠃      ᠭᠤᠷᠪᠠ᠂ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ  ᠬᠦᠷᠲᠡᠭᠡᠬᠦ ᠲᠠᠯ᠎ᠠ ᠪᠠᠷ       ︵ᠨᠢᠭᠡ︶ ᠲᠠᠷᠢᠶᠠᠴᠢᠳ ᠲᠤ ᠠᠰᠢᠭ  ᠬᠦᠷᠳᠡᠭᠡᠬᠦ ᠨᠥᠬᠦᠪᠦᠷᠢ ᠶᠢᠨ ᠲᠠᠯ᠎ᠠ ᠪᠠᠷ      1. ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠡᠯᠡ ᠮᠥᠩᠭᠦ 399 ᠲᠦᠮᠡᠨ ᠲᠥᠭᠦᠷᠢᠭ ᠪᠠᠭᠤᠯᠭᠠᠵᠤ᠂ ᠬᠥᠳᠡᠭᠡ ᠲᠣᠰᠬᠤᠨ ᠤ ᠢᠳᠡᠬᠦ ᠤᠰᠤᠨ ᠤ ᠠᠶᠤᠯᠭᠦᠢ ᠶᠢ ᠪᠠᠲᠤᠳᠬᠠᠵᠤ ᠳᠡᠭᠡᠭᠰᠢᠯᠡᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠤᠰᠬᠠᠢ ᠬᠡᠷᠡᠭᠯᠡᠪᠡ᠃      2. ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠲᠤ ᠺᠠᠷᠲ︾ ᠤᠨ ᠨᠥᠬᠦᠪᠦᠷᠢ ᠪᠡᠯᠡ ᠮᠥᠩᠭᠦ14747.1 ᠲᠦᠮᠡᠨ ᠲᠥᠭᠦᠷᠢᠭ ᠪᠠᠭᠤᠯᠭᠠᠵᠤ᠂ ᠠᠷᠠᠳ ᠲᠤ ᠠᠰᠢᠭ  ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠪᠠ᠃      3. ᠬᠤᠲᠠ ᠶᠢᠨ ᠲᠤᠰ ᠱᠠᠲᠤᠨ ᠤ ᠨᠢᠭᠡᠳᠦᠭᠡᠷ ᠪᠦᠯᠦᠭ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 15000 ᠲᠦᠮᠡᠨ ᠲᠥᠭᠦᠷᠢᠭ ᠪᠠᠭᠤᠯᠭᠠᠪᠠ᠃       ᠳᠥᠷᠪᠡ᠂ ᠨᠡᠶᠢᠲᠡ ᠶᠢᠨ ᠵᠠᠮ ᠬᠠᠷᠢᠯᠴᠠᠭ᠎ᠠ ᠶᠢᠨ ᠬᠥᠭᠵᠢᠯᠲᠡ ᠶᠢ ᠲᠡᠳᠬᠦᠬᠦ ᠲᠠᠯ᠎ᠠ ᠪᠠᠷ      1. ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠶᠢᠨ ᠡᠵᠡᠩᠨᠡᠯᠲᠡ ᠶᠢᠨ ᠨᠥᠬᠦᠪᠦᠷᠢ ᠮᠥᠩᠭᠦ 1331.25  ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ᠂ ᠨᠡᠶᠢᠲᠡ ᠶᠢᠨ ᠮᠠᠰᠢᠨ ᠢ ᠠᠷᠠᠴᠢᠯᠠᠵᠤ ᠬᠠᠮᠠᠭᠠᠯᠠᠬᠤ ᠵᠡᠷᠭᠡ ᠶᠡᠷᠦᠩᠬᠡᠶᠢᠯᠡᠭᠰᠡᠨ ᠴᠢᠨᠠᠷᠲᠠᠢ ᠡᠵᠡᠩᠨᠡᠯᠲᠡ ᠶᠢ ᠨᠥᠬᠦᠪᠦᠷᠢᠯᠡᠬᠦ ᠳᠤ ᠬᠡᠷᠡᠭᠯᠡᠪᠡ᠃      2. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠴᠣᠯ ᠴᠠᠬᠢᠯᠭᠠᠨ ᠬᠥᠳᠡᠯᠭᠡᠭᠦᠷᠲᠦ ᠰᠢᠨ᠎ᠡ ᠡᠨᠧᠷᠭᠢ ᠶᠢᠨ ᠮᠠᠰᠢᠨ ᠤ ᠲᠦᠷᠢᠶᠡᠰᠦᠨ ᠤ ᠰᠦᠢᠳᠬᠡᠯ  10403.8 ᠲᠦᠮᠡᠨ ᠲᠥᠭᠦᠷᠢᠭ ᠪᠠᠭᠤᠯᠭᠠᠪᠠ᠃      3. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠶᠢᠨ ᠬᠥᠷᠥᠩᠭᠡ ᠮᠥᠩᠭᠦ ᠳᠤ 300 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠠᠵᠢᠯᠲᠠᠳ ᠤᠨ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠲᠣᠰᠣ ᠬᠡᠢ ᠶᠢᠨ ᠰᠦᠢᠳᠬᠡᠯ ᠵᠢᠴᠢ ᠢᠨᠵᠧᠨᠧᠷᠢᠩ ᠤᠨ ᠥᠷᠢ ᠵᠡᠷᠭᠡ ᠳᠤ ᠬᠡᠷᠡᠭᠯᠡᠪᠡ᠃      4. ᠪᠦᠲᠦᠭᠡᠭᠳᠡᠬᠦᠨ ᠲᠣᠰᠣᠨ ᠤ ᠦᠨ᠎ᠡ ᠪᠠ ᠭᠠᠶᠢᠯᠢ ᠶᠢᠨ ᠰᠦᠢᠳᠬᠡᠯ ᠤᠨ ᠥᠭᠡᠷᠡᠴᠢᠯᠡᠯᠲᠡ ᠶᠢᠨ ᠵᠠᠮ ᠬᠠᠷᠢᠯᠴᠠᠭᠠᠨ ᠤ ᠲᠤᠰᠬᠠᠢ  ᠪᠡᠯᠡ ᠮᠥᠩᠭᠦ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ 50 ᠲᠦᠮᠡᠨ ᠲᠥᠭᠦᠷᠢᠭ ᠪᠠᠭᠤᠯᠭᠠᠵᠤ᠂ ᠹᠠᠨ ᠵᠢᠶᠠ ᠶᠢᠩ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠲᠠᠯᠠᠪᠤᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠦᠷᠢᠯᠡᠪᠡ᠃      5. ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠮᠥᠩᠭᠦ  2249 ᠲᠦᠮᠡᠨ ᠲᠥᠭᠦᠷᠢᠭ ᠪᠠᠭᠤᠯᠭᠠᠪᠠ᠃      6. ᠡᠩ ᠤᠨ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠵᠠᠷᠤᠳᠠᠯ ᠮᠥᠩᠭᠦ  683 ᠲᠦᠮᠡᠨ ᠲᠥᠭᠦᠷᠢᠭ ᠪᠠᠭᠤᠯᠭᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号