ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠲᠤᠭᠤᠢᠢᠯᠠᠩ ᠬᠤᠪᠢᠶᠠᠵᠤ ᠢᠷᠬᠡᠨ ᠤ ᠬᠠᠤᠯᠢ ᠶᠢᠨ ᠪᠢᠴᠢᠭ ᠤᠨ ᠲᠦᠰᠦᠯ ᠤᠨ ᠵᠠᠰᠠᠪᠤᠷᠢ ᠤᠷᠤᠭᠤᠯᠤᠬᠰᠠᠨ ᠨᠤᠤᠷᠠᠬ ᠪᠣᠯᠣᠨ ︽ᠬᠤᠶᠠᠷ ᠬᠤᠷᠢᠶᠠᠨ︾ ᠤ ᠠᠵᠢᠯ  ᠤᠨ ᠮᠡᠳᠡᠬᠦᠯᠦᠯᠳᠡ ᠶᠢ ᠬᠢᠨᠠᠨ ᠵᠦᠪᠯᠡᠵᠠᠢ
ᠨᠡᠶᠢᠲᠡᠯᠡᠭᠰᠡᠨ ᠴᠠᠭ᠄
2020-05-27
       ᠱᠢ ᠲᠠᠢ ᠹᠧᠩ  ᠪᠦ᠋ ᠰᠢᠶᠤᠤ ᠯᠢᠨ    ᠯᠢ ᠰᠢᠦ ᠯᠢᠩ  ᠯᠢ ᠵᠢᠢ ᠾᠧᠩ ᠦᠬᠡ ᠬᠡᠯᠡᠪᠡ      5 ᠰᠠᠷ᠎ᠠ ᠶᠢᠨ 26 ᠤ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ  ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠭᠰᠠᠨ ᠬᠤᠷᠠᠯ ᠬᠢᠵᠦ᠂ ᠢᠷᠬᠡᠨ ᠤ ᠬᠠᠤᠯᠢ ᠶᠢᠨ ᠪᠢᠴᠢᠭ ᠤᠨ ᠲᠥᠰᠥᠯ ᠤᠨ ᠵᠠᠰᠠᠪᠤᠷᠢ ᠤᠷᠤᠭᠤᠯᠤᠬᠰᠨᠨ ᠨᠤᠤᠷᠠᠬ᠂ ᠰᠢᠶᠠᠩᠭᠠᠩ ᠵᠠᠰᠠᠬ ᠵᠠᠬᠢᠷᠭᠠᠨ ᠤ ᠤᠨᠴᠠᠭᠠᠢ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠳᠦᠷᠢᠮ ᠪᠠ ᠬᠡᠷᠡᠭᠵᠢᠭᠦᠯᠬᠦ ᠲᠤᠬᠳᠠᠴᠠ ᠶᠢ ᠪᠠᠶᠢᠭᠤᠯᠣᠨ ᠲᠠᠬᠦᠯᠳᠡᠷᠵᠢᠬᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠤᠭᠳᠠᠭᠠᠯ ᠤᠨ ᠲᠦᠰᠦᠯ ᠤᠨ ᠵᠠᠰᠠᠪᠤᠷᠢ ᠤᠷᠤᠭᠤᠯᠤᠬᠰᠠᠨ ᠨᠤᠤᠷᠠᠬ ᠢ ᠬᠢᠨᠠᠨ ᠵᠦᠪᠯᠡᠵᠦ᠂ ᠠᠷᠠᠳ ᠤᠨ ᠲᠡᠬᠡᠳᠦ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠵᠡᠢ᠃      ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ᠂ ᠪᠦᠯᠬᠦᠮ ᠤᠨ ᠲᠡᠳ᠋ ᠳᠠᠷᠤᠭ᠎ᠠ ᠪᠦ᠋ ᠰᠢᠶᠤᠤ ᠯᠢᠨ᠂ ᠯᠢ ᠰᠢᠦ ᠯᠢᠩ ᠦᠬᠡ ᠬᠡᠯᠡᠵᠦ᠂ ᠪᠦᠯᠬᠦᠮ ᠤᠨ ᠲᠡᠳ᠋ ᠳᠠᠷᠤᠭ᠎ᠠ ᠯᠢᠨ ᠱᠤᠤ ᠴᠦᠨ ᠲᠤᠭᠤᠢᠢᠯᠠᠩ ᠬᠤᠪᠢᠶᠠᠭᠰᠠᠨ ᠬᠤᠷᠠᠯ ᠢ ᠡᠷᠬᠢᠯᠡᠵᠦ᠂ ᠪᠦᠯᠬᠦᠮ ᠤᠨ ᠲᠡᠳ᠋ ᠳᠠᠷᠤᠭ᠎ᠠ ᠮᠠ ᠰᠢᠤᠸᠠᠢ ᠵᠢᠶᠦ᠋ᠨ ᠲᠤᠭᠤᠢᠢᠯᠠᠩ ᠬᠤᠪᠢᠶᠠᠭᠰᠠᠨ ᠬᠤᠷᠠᠯ ᠢ ᠡᠷᠬᠢᠯᠡᠭᠰᠡᠨ ᠪᠦᠬᠡᠳ ᠦᠬᠡ ᠬᠡᠯᠡᠵᠡᠢ᠃ ᠶᠡᠭᠡ ᠬᠤᠷᠠᠯ ᠤᠨ ᠬᠠᠤᠯᠢ ᠶᠢᠨ ᠲᠦᠰᠦᠯ ᠤᠨ ᠳᠣᠭᠤᠢᠢᠯᠠᠩ ᠤᠨ ᠬᠠᠮᠢᠶ᠎ᠠ ᠪᠦᠬᠦᠢ ᠨᠥᠬᠦᠳ ᠬᠤᠶᠠᠷ ᠲᠥᠰᠥᠯ ᠤᠨ ᠵᠠᠰᠠᠪᠤᠷᠢ ᠤᠷᠤᠭᠤᠯᠤᠬᠰᠠᠨ ᠨᠤᠤᠷᠠᠬ ᠢ ᠬᠢᠨᠠᠨ ᠵᠦᠪᠯᠡᠭᠰᠡᠨ ᠰᠠᠨᠠᠯ ᠢ ᠰᠤᠨᠤᠰᠴᠠᠢ᠃ ᠠᠷᠠᠳ ᠤᠨ ᠲᠡᠭᠡᠳᠦ ᠰᠢᠬᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠨᠥᠬᠦᠳ ᠰᠦᠯᠵᠢᠶᠡᠨ ᠤ ᠸᠢᠳᠢᠣ᠋ ᠪᠠᠷ ᠲᠠᠮᠵᠢᠨ ︽ᠬᠤᠶᠠᠷ ᠬᠤᠷᠢᠶᠠᠨ︾ ᠤ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠭᠰᠡᠨ ᠰᠠᠨᠠᠯ ᠢ ᠰᠤᠨᠤᠰᠴᠠᠢ᠃      ᠱᠢ ᠲᠠᠢ ᠹᠧᠩ ᠲᠦᠯᠦᠬᠡᠯᠡᠭᠴᠢ᠂ ᠠᠷᠠᠳ ᠤᠨ ᠲᠡᠭᠡᠳᠦ ᠰᠢᠬᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠭᠤᠤᠯ ᠰᠡᠳᠦᠪ ᠲᠤᠳᠤᠷᠬᠠᠢ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠨᠠᠮ ᠤᠨ ᠲᠦᠪ ᠬᠤᠷᠢᠶᠠᠨ ᠤ ᠰᠢᠨ᠎ᠡ ᠱᠠᠭᠠᠷᠳᠠᠯᠭ᠎ᠠ ᠶᠢ ᠬᠦᠢᠴᠡᠳ ᠢᠯᠡᠷᠡᠬᠦᠯᠵᠦ᠂ ᠲᠦᠪ ᠭᠤᠤᠯᠴᠢ ᠪᠠᠷ ᠬᠠᠤᠯᠢ ᠪᠠᠷᠢᠬᠤ ᠠᠵᠢᠯ ᠳᠠᠬᠢ ᠠᠷᠠᠳ ᠤᠯᠠᠨ ᠤ ᠰᠢᠨ᠎ᠡ ᠬᠦᠰᠡᠯ ᠳᠤ ᠢᠳᠡᠪᠬᠢᠳᠡᠢ ᠬᠠᠷᠢᠭᠤᠯᠳᠠ ᠦᠭᠴᠦ᠂ ᠪᠠᠳᠤ ᠴᠢᠩᠭ᠎ᠠ ᠤᠯᠤᠰ ᠲᠦᠷᠦ ᠶᠢᠨ ᠵᠣᠭᠰᠣᠯᠲᠠ ᠪᠤᠯᠤᠨ ᠬᠠᠤᠯᠢᠵᠢᠯ ᠤᠨ ᠵᠤᠷᠢᠬ ᠰᠠᠨᠠᠭ᠎ᠠ ᠶᠢ ᠢᠯᠡᠷᠡᠭᠦᠯᠦᠭᠰᠡᠨ ᠰᠠᠶᠢᠨ ᠮᠡᠳᠡᠬᠦᠯᠦᠯᠳᠡ ᠪᠤᠯᠵᠠᠢ᠃ ᠵᠢᠯ  ᠭᠠᠷᠤᠢ ᠶᠢᠨ ᠲᠤᠷᠰᠢ᠂ ᠪᠦᠬᠦ ᠤᠯᠤᠰ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠰᠢᠰᠲ᠋ᠧᠮ ᠤᠨ ᠬᠢᠨ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠶᠢᠨ ᠳᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ᠂ ᠬᠠᠤᠯᠢ ᠶᠤᠰᠤᠭᠠᠷ ᠬᠠᠤᠯᠢ ᠪᠠᠷᠢᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠦ᠂ ᠠᠵᠤ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠬᠦᠴᠦᠳᠡᠢ ᠪᠠᠳᠤᠯᠠᠪᠠ︔ ᠬᠠᠤᠯᠢ ᠶᠤᠰᠤᠭᠠᠷ ᠡᠯ᠎ᠡ ᠵᠦᠢᠯ ᠤᠨ ᠶᠠᠯᠠᠳᠤ ᠠᠵᠢᠯᠯᠠᠭ᠎ᠠ ᠶᠢ ᠵᠠᠯᠬᠠᠭᠠᠨ ᠰᠢᠢᠳᠬᠡᠵᠦ᠂ ᠨᠠᠮ ᠪᠠ ᠤᠯᠤᠰ ᠤᠨ ᠤᠷᠳᠤ ᠤᠳᠠᠭᠠᠨ  ᠬᠤᠭᠤᠴᠠᠭ᠎ᠠ ᠪᠠᠷ ᠠᠮᠤᠷ ᠠᠮᠤᠭᠤᠯᠠᠩ ᠪᠠᠶᠢᠬᠤ ᠰᠠᠭᠤᠷᠢ ᠶᠢ ᠴᠢᠨᠠᠭᠰᠢᠳᠠ ᠪᠠᠳᠤᠳᠬᠠᠵᠠᠢ︔ ᠠᠷᠠᠳ ᠤᠨ ᠲᠦᠯᠦᠬᠡ ᠬᠠᠤᠯᠢ ᠪᠠᠷᠢᠬᠤ ᠵᠤᠷᠢᠯᠳᠠ ᠶᠢ ᠦᠢᠯᠡᠳᠦᠯᠬᠡᠵᠢᠬᠦᠯᠵᠤ᠂ ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠬ ᠢ ᠪᠦᠳᠦᠮᠵᠢᠳᠡᠢ ᠬᠠᠮᠠᠭᠠᠯᠠᠪᠠ︔ ᠬᠠᠤᠯᠢ ᠪᠠᠷᠢᠬᠤ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠡ ᠨᠦᠭᠦᠳ ᠢ ᠲᠤᠬᠳᠠᠭᠠᠨ ᠬᠡᠷᠡᠭᠵᠢᠬᠦᠯᠵᠦ᠂ ᠨᠡᠶᠢᠬᠡᠮ ᠤᠨ ᠡᠷᠬᠡ ᠲᠡᠭᠰᠢ ᠰᠢᠳᠤᠷᠭᠤ ᠶᠤᠰᠤ ᠶᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠤᠯᠭᠠᠵᠠᠢ ᠬᠡᠪᠡ᠃      ᠪᠦ᠋ ᠰᠢᠶᠤᠤ ᠯᠢᠨ ᠲᠦᠯᠦᠬᠡᠯᠡᠭᠴᠢ᠂ ᠠᠷᠠᠳ ᠤᠨ ᠲᠡᠭᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠡᠬᠢᠯᠡᠬᠦ ᠠᠴᠠ ᠪᠠᠨ ᠳᠠᠭᠤᠰᠲᠠᠯ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ᠂ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠤᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠱᠠᠭᠠᠷᠳᠠᠯᠭ᠎ᠠ ᠶᠢ ᠢᠯᠡᠷᠡᠬᠦᠯᠵᠦ᠂ ᠠᠷᠠᠳ ᠤᠯᠠᠨ ᠤ ᠰᠢᠨ᠎ᠡ ᠬᠦᠰᠡᠯ ᠳᠤ ᠬᠠᠷᠢᠭᠤᠯᠳᠠ ᠦᠭᠴᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠦᠯᠦᠬᠡ ᠬᠠᠤᠯᠢ ᠪᠠᠷᠢᠬᠤ᠂ ᠲᠥᠪ ᠭᠤᠤᠯᠴᠢ ᠪᠠᠷ ᠬᠠᠤᠯᠢ ᠪᠠᠷᠢᠬᠤ ᠶᠢ ᠢᠯᠡᠷᠡᠬᠦᠯᠦᠭᠰᠡᠨ ᠰᠠᠶᠢᠨ ᠮᠡᠳᠡᠬᠦᠯᠦᠯᠳᠡ ᠪᠤᠯᠵᠠᠢ᠃ ᠦᠩᠬᠡᠷᠡᠭᠰᠡᠨ ᠨᠢᠬᠡ ᠵᠢᠯ ᠳᠤ ᠂ ᠠᠷᠠᠳ ᠤᠨ ᠲᠡᠭᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠲᠡᠬᠡᠳᠦ ᠪᠠᠶᠢᠴᠠᠭᠠᠬᠤ ᠬᠤᠷᠢᠶ᠎ᠠ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠵᠦ᠂ ᠴᠢᠩᠭ᠎ᠠ ᠬᠠᠷᠢᠭᠤᠴᠠᠯᠭ᠎ᠠ ᠡᠬᠦᠷᠬᠡᠯᠡᠯ ᠢᠶᠠᠷ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠳᠤ ᠦᠢᠯᠡᠴᠢᠯᠡᠭᠡ ᠪᠠᠲᠤᠯᠠᠭ᠎ᠠ ᠬᠠᠩᠭᠠᠨ᠂ ᠲᠦᠪ ᠭᠤᠣᠯᠴᠢ ᠰᠢᠳᠤᠷᠭᠤ ᠶᠤᠰᠤ ᠶᠢ ᠬᠦᠴᠦᠲᠡᠢ ᠬᠠᠮᠠᠭᠠᠯᠠᠵᠤ᠂ ᠨᠡᠶᠢᠬᠡᠮ ᠤᠨ ᠲᠦᠪ ᠰᠤᠷᠲᠠᠯ ᠢ ᠪᠠᠳᠠᠷᠠᠭᠤᠯᠵᠠᠢ᠃ ᠮᠡᠳᠡᠬᠦᠯᠦᠯᠳᠡ ᠳᠠᠬᠢ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠨᠢ ᠠᠷᠠᠳ ᠲᠦᠮᠡᠨ ᠢᠶᠠᠷ ᠭᠤᠤᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠯᠡᠷᠡᠬᠦᠯᠵᠦ᠂ ᠭᠤᠣᠯᠳᠠᠯᠭ᠎ᠠ ᠳᠣᠪᠣᠶᠢᠮ᠎ᠠ᠂ ᠦᠨᠡᠨ ᠬᠦ ᠬᠡᠷᠡᠭᠵᠢᠭᠦᠯᠦᠭᠦᠰᠢᠳᠡᠢ ᠪᠣᠯᠵᠠᠢ ᠭᠡᠪᠡ᠃      ᠯᠢ ᠵᠢᠢ ᠡᠾᠧᠩ ᠲᠦᠯᠦᠬᠡᠯᠡᠭᠴᠢ ︽᠂ ᠬᠤᠶᠠᠷ ᠬᠤᠷᠢᠶᠠᠨ︾ ᠤ ᠠᠵᠢᠯ ᠤᠨ ᠮᠡᠳᠡᠬᠦᠯᠦᠯᠳᠡ ᠶᠢ ᠵᠥᠪᠰᠢᠶᠡᠷᠡᠨ᠎ᠡ᠂ ᠮᠡᠳᠡᠬᠦᠯᠦᠯᠳᠡ ᠨᠢ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠲᠠ ᠶᠢᠨ ᠳᠣᠭᠤᠷᠢᠨ ᠳᠤ᠂ ᠤᠯᠠᠨ ᠲᠦᠮᠡᠨ ᠤ ᠠᠩᠬᠠᠷᠤᠯ ᠬᠠᠯᠠᠮᠵᠢᠯᠠᠯ ᠢ ᠴᠢᠩᠭ᠎ᠠ ᠠᠳᠬᠤᠵᠤ᠂ ᠨᠠᠷᠢᠨ ᠪᠤᠳᠠᠳᠠᠢ ᠲᠤᠭ᠎ᠠ ᠪᠠᠷᠢᠮᠳᠠ ᠪᠠ ᠨᠡᠶᠢᠳᠡᠯᠢᠭ ᠬᠡᠷᠡᠭ ᠤᠨ ᠵᠢᠱᠢᠶ᠎ᠡ ᠪᠠᠷ ᠦᠬᠡ ᠬᠡᠯᠡᠵᠦ᠂ ᠤᠯᠤᠰ ᠲᠦᠷᠦ ᠶᠢᠨ ᠦᠨᠳᠦᠷᠴᠡ᠂ ᠬᠠᠤᠯᠢ ᠪᠠᠷᠢᠬᠤ ᠡᠷᠴᠢᠮ ᠂ ᠠᠷᠠᠳ ᠤᠨ ᠠᠮᠢᠳᠤᠷᠠᠯ ᠤᠨ ᠬᠠᠯᠠᠮᠵᠢᠯᠠᠯ᠂ ᠥᠭᠡᠷᠡᠴᠢᠯᠡᠯᠲᠡ ᠶᠢᠨ ᠭᠦᠨᠴᠡ ᠶᠢ ᠢᠯᠡᠷᠡᠭᠦᠯᠵᠡᠢ᠃ ᠨᠢᠳᠤᠨᠤᠨ ᠤᠯᠤᠰ ᠠᠴᠠ ᠦᠨᠡᠨ ᠪᠣᠳᠠᠲᠠᠢ ᠠᠷᠠᠴᠢᠯᠠᠨ ᠲᠡᠵᠢᠭᠡᠬᠦ ᠬᠥᠮᠥᠨ ᠦᠭᠡᠢ ᠬᠡᠦᠬᠡᠳ ᠢ ᠵᠠᠰᠠᠭ ᠤᠨ ᠣᠷᠳᠣᠨ ᠠᠴᠠ ᠪᠠᠳᠤᠯᠠᠬᠤ ᠬᠡᠪᠴᠢᠶᠡᠨ ᠳᠤ ᠣᠷᠣᠭᠤᠯᠵᠣ᠂ ᠡᠨᠡ ᠵᠢᠯ ᠠᠴᠠ ᠡᠬᠢᠯᠡᠨ ᠥᠨᠥᠴᠢᠨ ᠬᠡᠦᠬᠡᠳ ᠢᠶᠠᠷ ᠯᠠᠪᠯᠠᠯᠲᠠ ᠪᠣᠯᠭᠠᠨ ᠨᠥᠬᠦᠪᠦᠷᠢ ᠣᠯᠭᠤᠬᠤ ᠪᠠᠷ ᠪᠠᠶᠢᠨ᠎ᠠ᠃ ︽ᠬᠤᠶᠠᠷ ᠬᠤᠷᠢᠶ᠎ᠠ︾ ᠪᠠᠰᠠ ᠤᠯᠠᠨᠳᠠ ᠠᠷᠠᠳ ᠤᠨ ᠶᠠᠪᠤᠳᠠᠯ ᠤᠨ ᠶᠠᠮᠤᠨ ᠳᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠦᠷᠢᠮ ᠢ ᠪᠦᠷᠢᠨᠰᠢᠬᠦᠯᠬᠦ ᠲᠤᠬᠠᠢ ᠰᠠᠨᠠᠯ ᠰᠠᠨᠠᠭᠤᠯᠭ᠎ᠠ ᠲᠤᠷᠠᠳᠴᠠᠢ᠃ ᠪᠢᠳᠡ ︽ᠬᠤᠶᠠᠷ ᠬᠤᠷᠢᠶ᠎ᠠ︾ ᠯᠤᠭ᠎ᠠ ᠶᠢᠨ ᠬᠠᠷᠢᠯᠴᠠᠭ᠎ᠠ ᠨᠡᠪᠳᠡᠷᠡᠯᠴᠡᠭᠡ ᠪᠠᠨ ᠴᠢᠩᠭᠠᠳᠬᠠᠨ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠠᠤᠯᠢ ᠠᠴᠠ ᠵᠦᠷᠢᠴᠡᠭᠰᠡᠨ ᠬᠡᠷᠡᠭ ᠪᠤᠯᠤᠨ ᠲᠡᠬᠦᠨ ᠤ ᠰᠢᠯᠲᠠᠭᠠᠨ ᠢ ᠬᠢᠨᠠᠮᠠᠭᠠᠢ ᠰᠤᠳᠤᠯᠵᠤ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠬᠠᠤᠯᠢ ᠲᠦᠷᠢᠮ ᠤᠨ ᠲᠤᠳᠠᠭᠤᠳᠠᠯ ᠢᠶᠠᠨ ᠲᠦᠷᠬᠡᠨ ᠨᠦᠬᠦᠪᠦᠷᠢᠯᠡᠵᠦ᠂ ᠲᠦᠷᠦ ᠶᠢᠨ ᠪᠣᠳᠣᠯᠭ᠎ᠠ ᠶᠢᠨ ᠡᠬᠢ ᠡᠭᠦᠰᠦᠯ ᠠᠴᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠡᠬᠦᠰᠬᠦ ᠶᠢ ᠰᠡᠷᠭᠡᠶᠢᠯᠡᠨ᠎ᠡ ᠬᠡᠪᠡ᠃      ᠸᠠᠩ ᠪᠦᠸᠧ᠂ ᠤᠷᠳᠤ᠂ ᠵᠠᠩ ᠵᠢᠶᠠᠨ ᠮᠢᠨ᠂ ᠢᠤᠢ ᠰᠢᠤᠢ ᠪᠦᠸᠧ᠂ ᠶᠠᠩ ᠽᠦᠩ ᠷᠧᠨ᠂ ᠯᠢ ᠴᠢ ᠯᠢᠨ ᠵᠡᠷᠬᠡ ᠲᠦᠯᠦᠬᠡᠯᠡᠭᠴᠢ ᠦᠬᠡ ᠬᠡᠯᠡᠵᠦ᠂ ︽ᠬᠤᠶᠠᠷ ᠬᠤᠷᠢᠶᠠᠨ︾ ᠤ ᠠᠵᠢᠯ ᠤᠨ ᠮᠡᠳᠡᠬᠦᠯᠦᠯᠳᠡ ᠶᠢ ᠪᠦᠷᠢᠮᠦᠰᠦᠨ ᠵᠦᠪᠰᠢᠶᠡᠷᠡᠵᠦ ᠪᠠᠶᠢᠬᠤ ᠪᠠᠨ ᠢᠯᠡᠷᠬᠡᠶᠢᠯᠡᠭᠰᠡᠨ ᠪᠦᠬᠡᠳ ᠠᠳᠠᠯᠢ ᠪᠤᠰᠤ ᠬᠠᠷᠠᠭᠠᠰᠤ ᠠᠴᠠ ᠰᠠᠨᠠᠯ ᠰᠠᠨᠠᠭᠤᠯᠭ᠎ᠠ ᠳᠣᠷᠠᠳᠴᠠᠢ᠃ ᠲᠦᠯᠦᠬᠡᠯᠡᠭᠴᠢᠳ ᠬᠤᠶᠠᠷ ᠲᠥᠰᠥᠯ ᠤᠨ ᠵᠠᠰᠠᠪᠤᠷᠢ ᠤᠷᠤᠭᠤᠯᠤᠬᠰᠠᠨ ᠨᠣᠣᠷᠠᠭ ᠢ ᠪᠦᠷᠢᠮᠦᠰᠦᠨ ᠵᠦᠪᠰᠢᠶᠡᠷᠡᠵᠦ ᠪᠠᠶᠢᠬᠤ ᠪᠠᠨ ᠢᠯᠡᠷᠬᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号