ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠲᠤᠭᠤᠢᠢᠯᠠᠩ ᠬᠤᠪᠢᠶᠠᠵᠦ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢ ᠬᠢᠨᠡᠨ ᠵᠦᠪᠯᠡᠵᠠᠢ
ᠨᠡᠶᠢᠲᠡᠯᠡᠭᠰᠡᠨ ᠴᠠᠭ᠄
2020-05-27
       ᠱᠢ ᠲᠠᠢ ᠹᠧᠩ  ᠯᠢ ᠰᠢᠦ ᠯᠢᠩ   ᠯᠢ ᠵᠢᠢ ᠾᠧᠩ  ᠹᠦ᠋ ᠶᠢᠩ ᠦᠭᠡ ᠬᠡᠯᠡᠪᠡ       5 ᠰᠠᠷ᠎ᠠ ᠶᠢᠨ 26 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠡᠢ᠃      ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠳᠠᠷᠤᠭ᠎ᠠ ᠱᠢ ᠲᠠᠢ ᠹᠧᠩ᠂ ᠪᠦᠯᠭᠦᠮ ᠤᠨ ᠲᠡᠳ᠋ ᠳᠠᠷᠤᠭ᠎ᠠ ᠯᠢ ᠰᠢᠤ ᠯᠢᠩ ᠦᠭᠡ ᠬᠡᠯᠡᠵᠠᠢ᠃ ᠪᠦᠯᠭᠦᠮ ᠤᠨ ᠲᠡᠳ᠋ ᠳᠠᠷᠤᠭ᠎ᠠ ᠨᠠᠰᠤᠨᠮᠦ᠋ᠡᠭᠭᠡ᠂ ᠸᠠᠩ ᠪᠦᠸᠧ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠭᠰᠡᠨ ᠪᠦᠬᠡᠳ ᠦᠭᠡ ᠬᠡᠯᠡᠵᠠᠢ᠃ ᠶᠡᠭᠡ ᠬᠤᠷᠠᠯ ᠤᠨ ᠲᠤᠪᠴᠢ ᠮᠡᠳᠡᠭᠡ ᠶᠢᠨ ᠲᠤᠭᠤᠢᠢᠯᠠᠩ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠨ ᠰᠠᠨᠠᠯ ᠰᠤᠨᠤᠰᠪᠠ᠃      ᠱᠢ ᠲᠠᠢ ᠹᠸᠡᠭ ᠲᠦᠯᠦᠭᠡᠯᠡᠭᠴᠢ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠠᠮᠵᠢᠯᠳᠠ ᠪᠦᠳᠦᠮᠵᠢ ᠪᠠᠨ ᠦᠨᠡᠨ ᠠᠴᠠ ᠵᠥᠪ ᠢ ᠡᠷᠢᠨ᠂ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠤ᠂ ᠡᠭᠦᠷᠭᠡ ᠪᠠᠨ ᠪᠠᠶᠢᠷᠢᠯᠠᠭᠤᠯᠤᠬᠰᠠᠨ ᠰᠡᠳᠭᠢᠴᠡ ᠨᠢ ᠲᠤᠳᠤᠷᠬᠠᠢ᠂ ᠠᠷᠭ᠎ᠠ ᠬᠡᠮᠵᠢᠶ᠎ᠡ ᠨᠢ ᠬᠦᠴᠦᠨ ᠲᠠᠢ ᠪᠠᠶᠢᠵᠣ᠂ ᠡᠬᠢᠨ ᠠᠴᠠ ᠪᠠᠨ ᠳᠠᠭᠤᠰᠲᠠᠯ᠎ᠠ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠦ ᠡᠷᠭᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠬᠡᠬᠦ ᠶᠢ ᠭᠦᠢᠴᠡᠳ ᠢᠯᠡᠷᠡᠭᠦᠯᠵᠦ᠂ ᠲᠤᠭ ᠢᠶᠠᠨ ᠦᠨᠳᠤᠷ ᠮᠠᠨᠳᠤᠭᠤᠯᠤᠨ᠂ ᠭᠤᠤᠯᠯᠠᠬᠴᠢ ᠪᠠᠨ ᠬᠦᠷᠢᠶᠠᠯᠠᠵᠦ᠂ ᠠᠷᠠᠳᠴᠢᠯᠠᠯ ᠲᠠᠢ ᠪᠦᠯᠭᠦᠮᠳᠠᠯ ᠲᠠᠢ᠂ ᠦᠨᠡᠨ ᠢ ᠡᠷᠭᠢᠮᠯᠠᠵᠦ ᠤᠷᠤᠬᠰᠢᠯᠠᠨ ᠲᠠᠪᠰᠢᠬᠰᠠᠨ ᠰᠠᠶᠢᠨ ᠮᠡᠳᠡᠭᠦᠯᠦᠯᠳᠡ ᠪᠤᠯᠵᠠᠢ᠃ ᠵᠢᠯ ᠭᠠᠷᠣᠢ ᠶᠢᠨ ᠲᠤᠷᠰᠢ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ  ᠲᠠᠯ᠎ᠠ ᠳᠤ ᠰᠠᠭᠤᠷᠢᠯᠠᠨ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠰᠡᠳᠭᠢᠯ ᠢ ᠠᠶᠠᠳᠠᠵᠤ ᠠᠷᠠᠳ ᠤᠨ ᠰᠠᠨᠠᠭ᠎ᠠ ᠶᠢ ᠲᠤᠰᠬᠠᠨ᠂ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠨ ᠠᠵᠢᠯ ᠢᠶᠠᠨ ᠬᠠᠯᠠᠨ ᠰᠠᠶᠢᠵᠢᠷᠠᠭᠤᠯᠵᠦ᠂ ᠦᠨᠳᠤᠷ ᠵᠤᠭᠰᠤᠴᠡ ᠠᠴᠠ ᠬᠠᠷᠢᠴᠠᠭᠤᠯᠤᠨ ᠬᠠᠷᠭᠤᠭᠤᠯᠵᠦ᠂ ᠡᠷᠡᠰ ᠪᠠᠳᠤ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠵᠣ︾᠂ ᠬᠠᠤᠯᠢ ᠲᠤᠬᠳᠠᠭᠠᠬᠤ ᠠᠵᠢᠯ ᠢ ᠴᠢᠨᠠᠷ ᠰᠠᠶᠢᠳᠠᠢ ᠠᠬᠢᠭᠤᠯᠤᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠪᠠᠶᠠᠯᠢᠬᠵᠢᠭᠤᠯᠣᠨ ᠲᠡᠭᠦᠯᠳᠡᠷᠵᠢᠭᠦᠯᠵᠦ᠂ ᠬᠢᠨᠠᠯᠳᠠ ᠲᠠᠯᠪᠢᠬᠤ ᠠᠵᠢᠯ ᠢ ᠦᠨᠳᠤᠷ ᠪᠦᠲᠦᠮᠵᠢᠳᠠᠢ ᠪᠠᠷ ᠴᠢᠩᠭᠠᠳᠬᠠᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠳᠠ ᠶᠢᠨ ᠲᠤᠭᠤᠰᠢᠯᠠᠭᠤᠯᠤᠬᠳᠠᠨ ᠨᠠᠶᠢᠳᠠᠪᠤᠷᠢᠵᠢᠭᠤᠯᠤᠬᠳᠠᠬᠤ ᠶᠢ ᠠᠭᠢᠭᠤᠯᠵᠦ᠂ ᠲᠦᠯᠦᠭᠡᠯᠡᠭᠴᠢᠳ  ᠤᠨ ᠠᠵᠢᠯ ᠢ ᠦᠨᠳᠤᠷ ᠪᠠᠷᠢᠮᠵᠢᠶ᠎ᠠ ᠪᠠᠷ ᠰᠠᠶᠢᠳᠤᠷ ᠬᠢᠵᠦ᠂ ᠠᠷᠠᠳ ᠲᠦᠮᠡᠨ ᠤ ᠡᠵᠡᠨ ᠰᠠᠭᠤᠵᠦ ᠡᠷᠭᠡ ᠮᠡᠳᠡᠭᠦ ᠶᠢ ᠪᠠᠳᠤᠯᠠᠨ ᠬᠦᠭᠵᠢᠭᠦᠯᠪᠡ᠃ ᠮᠡᠳᠡᠭᠦᠯᠦᠯᠳᠡ ᠳᠤ ᠬᠤᠶᠢᠰᠢᠳᠠ ᠶᠢᠨ ᠨᠢᠭᠡ ᠬᠤᠭᠤᠴᠠᠭᠠᠨ ᠤ ᠡᠭᠦᠷᠭᠡ ᠶᠢ ᠪᠠᠶᠢᠷᠢᠯᠠᠭᠤᠯᠬᠤ ᠳᠠᠭᠠᠨ᠂ ᠤᠯᠤᠰ ᠲᠦᠷᠦ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠪᠠᠶᠢᠭᠤᠯᠤᠯ ᠤᠨ ᠲᠠᠪᠠᠭᠤᠯᠢᠭ ᠢ ᠭᠦᠢᠴᠡᠳ ᠢᠯᠡᠷᠡᠭᠦᠯᠤᠨ᠂ ᠠᠷᠠᠳ ᠲᠦᠮᠡᠨ ᠤ ᠠᠩᠬᠠᠷᠤᠯ ᠬᠠᠯᠠᠮᠵᠢᠯᠠᠯ ᠳᠤ ᠢᠳᠡᠪᠭᠢᠳᠡᠢ ᠬᠠᠷᠢᠭᠤᠯᠳᠠ ᠦᠭᠴᠤ᠂ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢᠶᠠᠨ ᠰᠠᠶᠢᠳᠤᠷ ᠬᠢᠭᠦ ᠳᠤ ᠴᠢᠬᠤᠯᠠ ᠵᠢᠷᠤᠮᠯᠠᠯ ᠬᠠᠨᠭ᠍ᠭᠠᠵᠠᠢ᠂ ᠪᠢᠳᠡ  ᠪᠤᠳᠠᠳᠠᠢ ᠲᠠᠢ ᠪᠠᠨ ᠤᠶᠠᠯᠳᠤᠭᠤᠯᠣᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠠᠳᠬᠤᠨ᠎ᠠ ᠭᠡᠪᠡ᠃      ᠯᠢ ᠰᠢᠤ ᠯᠢᠩ ᠲᠦᠯᠦᠭᠡᠯᠡᠭᠴᠢ᠂ 2019 ᠣᠨ ᠠᠴᠠ ᠨᠠᠭᠠᠰᠢ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠭᠦ᠂ ᠢᠯᠠᠩᠭᠤᠶ᠎ᠠ ᠦᠨᠳᠤᠰᠤᠨ ᠬᠠᠤᠯᠢ ᠶᠢᠨ ᠪᠦᠭᠦ ᠲᠠᠯ᠎ᠠ ᠪᠠᠷ ᠬᠡᠷᠡᠭᠵᠢᠭᠦᠯᠦᠭᠳᠡᠭᠦ ᠶᠢ ᠪᠠᠳᠤᠯᠠᠬᠤ᠂ ᠨᠠᠮ ᠤᠨ ᠰᠠᠨᠠᠭᠠᠴᠢᠯᠠᠭ᠎ᠠ ᠶᠢ ᠬᠠᠤᠯᠢ ᠳᠤ ᠲᠤᠬᠳᠠᠭᠠᠬᠰᠠᠨ ᠠᠯᠬᠤᠮ ᠲᠠᠷᠠᠭᠠᠯᠠᠯ ᠢᠶᠠᠷ ᠤᠯᠤᠰ ᠤᠨ ᠵᠤᠷᠢᠭ ᠰᠠᠨᠠᠭ᠎ᠠ ᠪᠤᠯᠭᠠᠬᠤ ᠶᠢ ᠪᠠᠳᠤᠯᠠᠬᠤ᠂ ᠤᠯᠤᠰ ᠤᠨ ᠠᠮᠤᠷ ᠲᠦᠪᠰᠢᠨ ᠪᠠ ᠤᠯᠤᠰ ᠤᠨ ᠪᠣᠳᠣᠯᠭ᠎ᠠ᠂ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠠᠤᠯᠢ ᠶᠢ ᠴᠠᠬ ᠲᠤᠬᠠᠢ ᠳᠤᠨᠢ ᠳᠣᠭᠳᠠᠭᠠᠬᠤ ᠶᠢ ᠪᠠᠳᠤᠯᠠᠬᠤ᠂ ᠴᠢᠬᠤᠯᠠ ᠶᠡᠭᠡ ᠦᠭᠡᠷᠡᠴᠢᠯᠡᠯᠳᠡ ᠬᠠᠤᠯᠢ ᠴᠠᠭᠠᠵᠠ ᠶᠢᠨ ᠦᠨᠳᠤᠰᠤᠯᠠᠯ ᠲᠠᠢ ᠪᠠᠶᠢᠬᠤ ᠶᠢ ᠪᠠᠳᠤᠯᠠᠬᠤ ᠲᠠᠯ᠎ᠠ ᠪᠠᠷ᠂ ᠵᠠᠰᠠᠭ ᠶᠠᠪᠤᠭᠤᠯᠬᠤ ᠡᠷᠭᠡ᠂ ᠬᠢᠨᠠᠨ ᠪᠠᠶᠢᠴᠠᠭᠠᠬᠤ ᠡᠷᠭᠡ᠂ ᠰᠢᠭᠦᠨ ᠲᠠᠰᠤᠯᠬᠤ ᠡᠷᠭᠡ᠂ ᠪᠠᠶᠢᠴᠠᠭᠠᠬᠤ ᠡᠷᠭᠡ ︽ᠳᠥᠷᠪᠡᠨ ᠡᠷᠬᠡ︾  ᠳᠠᠬᠢ ᠬᠢᠨᠠᠯᠳᠠ ᠶᠢ ᠪᠦᠲᠦᠮᠵᠢᠳᠠᠢ ᠦᠷᠨᠢᠭᠦᠯᠭᠦ ᠲᠠᠯ᠎ᠠ ᠪᠠᠷ᠂ ᠭᠠᠳᠠᠭᠠᠳᠤ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠣ ᠤᠯᠤᠰ ᠤᠨ ᠶᠡᠷᠦᠩᠭᠡᠢ ᠴᠤᠬᠴᠠ ᠶᠢᠨ ᠭᠠᠳᠠᠭᠠᠳᠤ ᠬᠠᠷᠢᠯᠴᠠᠭᠠᠨ ᠳᠤ ᠦᠢᠯᠡᠴᠢᠯᠡᠭᠦ ᠲᠠᠯ᠎ᠠ ᠪᠠᠷ᠂ ᠲᠦᠯᠦᠭᠡᠯᠡᠭᠴᠢᠳ ᠤᠨ ᠲᠤᠰᠢᠶᠠᠯ ᠢᠶᠠᠨ ᠭᠦᠢᠴᠡᠳᠭᠡᠭᠦ ᠶᠢ ᠲᠡᠮᠵᠢᠭᠦ ᠪᠠ ᠦᠢᠯᠡᠴᠢᠯᠡᠭᠦ ᠲᠠᠯ᠎ᠠ ᠪᠠᠷ ᠴᠦᠮ ᠰᠢᠨ᠎ᠡ ᠦᠷ᠎ᠡ ᠪᠦᠲᠦᠮᠵᠢ ᠣᠯᠣᠭᠰᠠᠨ ᠪᠦᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠡᠮᠵᠢᠯᠭᠡ ᠬᠠᠨᠭ᠍ᠭᠠᠨ᠂ ᠤᠯᠤᠰ ᠲᠦᠷᠦ ᠶᠢᠨ ᠲᠠᠯ᠎ᠠ ᠪᠠᠷ ᠬᠢ ᠦᠨᠳᠤᠷ ᠵᠣᠭᠰᠣᠴᠠ ᠶᠢ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠦ ᠡᠷᠭᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠵᠠᠷᠴᠢᠮ ᠢ ᠲᠤᠭᠤᠰᠢᠯᠠᠭᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠦᠨᠳᠤᠰᠤᠨ ᠤᠯᠤᠰ ᠲᠦᠷᠦ ᠶᠢᠨ ᠪᠠᠶᠢᠭᠤᠯᠤᠯ ᠢ ᠲᠤᠯᠭᠠᠭᠤᠷᠢᠯᠠᠬᠤ ᠦᠢᠯᠡᠳᠤᠯ ᠢ ᠪᠠᠳᠠᠷᠠᠭᠤᠯᠪᠠ᠃ ᠯᠢ ᠵᠠᠨ ᠱᠤ᠋ ᠬᠤᠷᠢᠶᠠᠨ ᠳᠠᠷᠤᠭ᠎ᠠ ᠶᠢᠨ ᠬᠢᠭᠰᠡᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ 2019 ᠣᠨ ᠤ ᠠᠵᠢᠯ ᠢᠶᠠᠨ ᠦᠨᠡᠨ ᠢ ᠪᠠᠷᠢᠮᠳᠠᠯᠠᠨ  ᠳ᠋ᠦᠩᠨᠡᠪᠡ᠃ ᠪᠢ ᠡᠨᠡ ᠮᠡᠳᠡᠭᠦᠯᠦᠯᠳᠡ ᠶᠢ ᠵᠥᠪᠰᠢᠶᠡᠷᠡᠨ᠎ᠡ ᠬᠡᠵᠠᠢ᠃      ᠯᠢ ᠵᠢᠢ ᠾᠧᠩ ᠲᠦᠯᠦᠭᠡᠯᠡᠭᠴᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠮᠡᠳᠡᠭᠦᠯᠦᠯᠳᠡ ᠳᠤ ᠳᠣᠷᠠᠳᠣᠭᠰᠠᠨ ᠠᠮᠵᠢᠯᠲᠠ ᠪᠦᠲᠦᠮᠵᠢ ᠶᠢᠨ ᠭᠢᠯᠠᠰ ᠴᠡᠭ ᠣᠯᠠᠨ᠂ ᠠᠭᠤᠯᠭ᠎ᠠ ᠲᠡᠭᠦᠯᠳᠡᠷ᠂ ᠤᠳᠬ᠎ᠠ ᠭᠦᠨ ᠪᠠᠶᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠦ ᠡᠷᠭᠡ ᠮᠡᠳᠡᠭᠦ ᠪᠠ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠢᠯᠡᠷᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠯᠤᠲᠤ ᠶᠡᠭᠡ ᠲᠠᠪᠠᠭᠤᠯᠢᠭ ᠪᠣᠯᠣᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠠᠷᠠᠭᠤᠯᠵᠤ᠂ ᠢᠯᠡ ᠲᠣᠳᠣ ᠤᠯᠤᠰ ᠲᠥᠷᠥᠴᠢ ᠴᠢᠨᠠᠷ᠂ ᠠᠷᠠᠳᠴᠢ ᠴᠢᠨᠠᠷ᠂ ᠴᠠᠬ ᠦᠶᠡᠴᠢ ᠴᠢᠨᠠᠷ ᠲᠠᠢ ᠪᠣᠯᠵᠠᠢ᠃ ᠪᠢᠳᠡ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢ ᠬᠢᠨᠠᠮᠠᠭᠠᠢ ᠵᠤᠬᠢᠶᠠᠨ ᠪᠠᠶᠢᠭᠤᠯᠵᠦ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠬᠠᠮᠢᠶ᠎ᠠ ᠪᠦᠬᠦᠢ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠵᠦ᠂ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠪᠠ ᠪᠠᠶᠢᠴᠠᠭᠠᠨ ᠰᠤᠳᠤᠯᠬᠤ ᠠᠵᠢᠯᠯᠠᠭ᠎ᠠ ᠶᠢ ᠪᠦᠬᠦ ᠬᠦᠴᠦᠨ ᠢᠶᠠᠷ ᠲᠡᠮᠵᠢᠵᠦ᠂ ᠰᠠᠨᠠᠯ ᠵᠥᠪᠯᠡᠯᠭᠡ ᠰᠠᠨᠠᠯ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠢ ᠴᠢᠨᠠᠷ ᠰᠠᠶᠢᠳᠠᠢ ᠰᠠᠶᠢᠳᠣᠷ ᠬᠢᠨ᠎ᠡ ᠭᠡᠪᠡ᠃      ᠹᠦ᠋ ᠶᠢᠩ ᠲᠦᠯᠦᠭᠡᠯᠡᠭᠴᠢ᠂ ᠳᠣᠰ ᠮᠡᠳᠡᠭᠦᠯᠦᠯᠳᠡ ᠶᠢ ᠵᠥᠪᠰᠢᠶᠡᠷᠡᠨ᠎ᠡ᠃ ᠦᠡᠭᠭᠡᠷᠡᠭᠰᠡᠨ ᠨᠢᠭᠡ ᠵᠢᠯ ᠳᠤ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠢ ᠶᠢᠨ ᠫᠢᠡᠭ  ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠦᠪ ᠬᠤᠷᠢᠶᠠᠨ ᠤ ᠶᠡᠷᠦᠩᠬᠡᠢ ᠴᠣᠭᠴᠠ ᠶᠢᠨ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠳᠠ ᠲᠠᠢ ᠨᠢᠭᠲᠠ ᠬᠠᠮᠵᠢᠯᠴᠠᠨ᠂ ᠶᠡᠷᠦᠩᠭᠡᠢ ᠱᠦᠵᠢ ᠰᠢ ᠶᠢᠨ ᠫᠢᠡᠭ ᠤᠨ ᠭᠠᠳᠠᠭᠠᠳᠤ ᠤᠯᠤᠰ ᠤᠨ ᠤᠳᠤᠷᠢᠳᠤᠬᠴᠢᠳ ᠯᠤᠭ᠎ᠠ ᠲᠤᠬᠳᠠᠬᠰᠠᠨ ᠴᠢᠬᠤᠯᠠ ᠬᠠᠮᠳᠤ ᠶᠢᠨ ᠲᠠᠨᠢᠯᠳᠠ ᠶᠢ ᠨᠠᠶᠢᠳᠠᠪᠤᠷᠢᠵᠢᠭᠤᠯᠵᠦ᠂ ᠡᠯ᠎ᠡ ᠤᠯᠤᠰ ᠤᠨ ᠵᠥᠪᠯᠡᠯᠭᠡᠨ ᠤ ᠬᠤᠷᠠᠯ ᠯᠤᠭ᠎ᠠ ᠶᠢᠨ ᠨᠥᠬᠦᠷᠰᠡᠭ ᠬᠠᠷᠢᠯᠴᠠᠭ᠎ᠠ ᠪᠠᠨ ᠴᠢᠩᠭᠠᠳᠬᠠᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯ᠂ ᠬᠦᠭᠵᠢᠯᠳᠠ ᠶᠢᠨ ᠵᠠᠮ ᠪᠤᠯᠤᠨ ᠠᠮᠵᠢᠯᠳᠠ ᠲᠠᠢ ᠲᠤᠷᠰᠢᠯᠭ᠎ᠠ ᠶᠢ ᠢᠳᠡᠪᠭᠢᠳᠠᠢ ᠪᠠᠷ ᠤᠬᠠᠭᠤᠯᠤᠨ ᠲᠠᠨᠢᠯᠴᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠰᠠᠨᠠᠭᠠᠴᠢᠯᠠᠭᠠᠳᠤ ᠴᠢᠨᠠᠷ ᠪᠠ ᠴᠢᠭᠯᠡᠭᠦᠯᠦᠯᠲᠦ ᠴᠢᠨᠠᠷ ᠢᠶᠠᠨ ᠴᠢᠨᠠᠭᠰᠢᠳᠠ ᠴᠢᠩᠭᠠᠳᠬᠠᠨ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠵᠦ᠂ ᠤᠯᠤᠰ ᠤᠨ ᠲᠦᠷᠢ ᠲᠦᠷᠭᠦ ᠶᠢ ᠬᠠᠮᠠᠭᠠᠯᠠᠵᠠᠢ ᠭᠡᠪᠡ᠃      ᠨᠠᠰᠤᠨᠮᠦ᠋ᠡᠭᠭᠡ ᠲᠦᠯᠦᠭᠡᠯᠡᠭᠴᠢ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠯᠤᠰ ᠲᠦᠷᠦ ᠶᠢᠨ ᠪᠠᠶᠢᠭᠤᠯᠭ᠎ᠠ ᠪᠤᠯᠤᠬᠰᠠᠨ ᠤ ᠬᠤᠪᠢ ᠳᠤ᠂ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠳᠠᠯᠠᠵᠦ᠂ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠢᠮᠠᠬᠳᠠ ᠪᠠᠷᠢᠮᠳᠠᠯᠠᠪᠠ︔ ᠬᠠᠮᠤᠭ ᠤᠨ ᠲᠡᠭᠡᠳᠤ ᠲᠦᠷᠦ ᠶᠢᠨ ᠡᠷᠬᠡᠲᠦ ᠪᠠᠶᠢᠭᠤᠯᠭ᠎ᠠ ᠪᠤᠯᠤᠬᠰᠠᠨ ᠤ ᠬᠤᠪᠢ ᠳᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ  ᠳᠣᠭᠤᠷᠢᠨ ᠳᠤ ᠲᠤᠬᠳᠠᠭᠠᠯ ᠭᠠᠷᠭᠠᠵᠦ᠂ ᠨᠠᠮ ᠤᠨ ᠰᠠᠨᠠᠭᠠᠴᠢᠯᠠᠭ᠎ᠠ ᠶᠢ ᠬᠠᠤᠯᠢ ᠳᠤ ᠲᠤᠬᠳᠠᠬᠰᠠᠨ ᠠᠯᠬᠤᠮ ᠲᠠᠷᠠᠭᠠᠯᠠᠯ ᠢᠶᠠᠷ ᠠᠷᠠᠳ ᠲᠦᠮᠡᠨ ᠤ ᠬᠠᠮᠳᠤ ᠶᠢᠨ ᠵᠤᠷᠢᠭ ᠰᠠᠨᠠᠭ᠎ᠠ ᠪᠤᠯᠭᠠᠨ ᠬᠤᠪᠢᠷᠠᠭᠤᠯᠪᠠ︔ ᠠᠵᠢᠯ ᠤᠨ ᠪᠠᠶᠢᠭᠤᠯᠭ᠎ᠠ ᠪᠤᠯᠤᠬᠰᠠᠨ ᠤ ᠬᠤᠪᠢ ᠳᠤ᠂ ᠬᠠᠤᠯᠢ ᠲᠤᠬᠳᠠᠭᠠᠬᠤ᠂ ᠬᠢᠨᠠᠯᠳᠠ ᠲᠠᠯᠪᠢᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠦᠭᠡᠷᠡᠴᠢᠯᠡᠯᠳᠡ ᠬᠦᠭᠵᠢᠯᠳᠠ ᠲᠤᠬᠳᠠᠭᠤᠨ ᠳᠤ ᠪᠠᠳᠤ ᠴᠢᠩᠭ᠎ᠠ ᠬᠠᠤᠯᠢ ᠶᠢᠨ ᠪᠠᠲᠤᠯᠠᠭ᠎ᠠ ᠬᠠᠨᠭ᠍ᠭᠠᠪᠠ︔ ᠲᠦᠯᠦᠭᠡᠯᠡᠭᠴᠢ ᠶᠢᠨ ᠪᠠᠶᠢᠭᠤᠯᠭ᠎ᠠ ᠪᠤᠯᠤᠬᠰᠠᠨ ᠤ ᠬᠤᠪᠢ ᠳᠤ᠂ ᠠᠷᠠᠳ ᠤᠨ ᠲᠦᠯᠦᠭᠡᠯᠡᠭᠴᠢ ᠶᠢᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠭᠦ ᠳᠤ ᠪᠦᠲᠦᠮᠵᠢᠳᠠᠢ ᠦᠢᠯᠡᠴᠢᠯᠡᠭᠡ ᠪᠠᠲᠤᠯᠠᠭ᠎ᠠ ᠬᠠᠨᠭ᠍ᠭᠠᠪᠠ᠃ ᠮᠡᠳᠡᠭᠦᠯᠦᠯᠳᠡ ᠶᠢ ᠪᠦᠷᠢᠮᠤᠰᠤᠨ ᠵᠥᠪᠰᠢᠶᠡᠷᠡᠨ᠎ᠡ ᠬᠡᠵᠠᠢ᠃     ᠯᠢᠨ ᠱᠤᠤ ᠴᠦᠨ᠂ ᠮᠨ ᠰᠢᠤᠸᠠᠢ ᠵᠢᠶᠦ᠋ᠨ᠂ ᠯᠢᠤ ᠴᠢ ᠹᠠᠨ᠂ ᠤᠷᠳᠤ᠂ ᠵᠠᠩ ᠵᠢᠶᠠᠨ ᠮᠢᠨ᠂ ᠢᠤᠢ ᠰᠢᠤᠢ ᠪᠦᠸᠧ᠂ ᠶᠠᠩ ᠽᠦᠡᠭ ᠷᠧᠨ᠂ ᠯᠢ ᠴᠢ ᠯᠢᠨ ᠵᠡᠷᠭᠡ ᠲᠥᠯᠥᠭᠡᠯᠡᠭᠴᠢ ᠦᠭᠡ ᠬᠡᠯᠡᠵᠦ᠂ ᠪᠦᠬᠦ ᠤᠯᠤᠰ ᠤᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠦᠷᠢᠮᠤᠰᠤᠨ ᠵᠦᠪᠰᠢᠶᠡᠷᠡᠵᠦ ᠪᠠᠶᠢᠬᠤ ᠪᠠᠨ ᠢᠯᠡᠷᠭᠡᠶᠢᠯᠡᠵᠦ᠂ ᠠᠳᠠᠯᠢ ᠪᠤᠰᠤ ᠬᠠᠷᠠᠭᠠᠰᠣ ᠠᠴᠠ ᠰᠠᠨᠠᠯ ᠰᠠᠨᠠᠭᠤᠯᠭ᠎ᠠ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号